ᠨᠠᠢᠮᠠᠳᠤᠭᠠᠷ᠄ ᠡᠷᠢᠩᠴᠢᠨ ︵— 1785︶
ᠨᠡᠶᠢᠲᠡᠯᠡᠭᠰᠡᠨ ᠴᠠᠭ᠄
2010/10/6
        ᠨᠠᠢᠮᠠᠳᠤᠭᠠᠷ᠄ ᠡᠷᠢᠩᠴᠢᠨ ︵— 1785︶       ᠡᠷᠢᠩᠴᠢᠨ ᠪᠤᠯ ᠴᠡᠷᠢᠭᠤᠮᠪᠤ ᠶᠢᠨ ᠲᠦᠷᠪᠡᠳᠦᠬᠡᠷ ᠬᠦᠤ — ᠠᠷᠳᠠᠰᠢᠳ᠋ ᠶᠢᠨ ᠠᠪᠠᠭ᠎ᠠ ᠠᠪᠤ  ᠨᠢ ᠪᠤᠯᠤᠨ᠎ᠠ᠃ ᠲᠡᠭᠷᠢ ᠲᠡᠤᠭᠦᠭᠴᠢ ᠶᠢᠨ ᠠᠷᠪᠠᠨ ᠲᠠᠪᠤᠳᠤᠭᠠᠷ ᠤᠨ ︵1750︶ ᠤᠨ ᠳᠤ ᠲᠡᠷᠢᠬᠦᠨ ᠵᠡᠷᠭᠡ ᠶᠢᠨ ᠲᠠᠶᠢᠵᠢ ᠡᠷᠬᠦᠮᠵᠢᠯᠡᠭᠳᠡᠵᠦ ᠠᠷᠪᠠᠨ ᠲᠠᠪᠤᠨ ᠠᠶᠢᠯ ᠡᠷᠦᠬᠡ ᠪᠠᠷ ᠱᠠᠩᠨᠠᠭᠳᠠᠪᠠᠢ᠃ ᠲᠡᠭᠷᠢ ᠲᠡᠳᠬᠦᠭᠴᠢ ᠶᠢᠨ ᠲᠦᠴᠢᠨ ᠲᠤᠯᠤᠭᠠᠳᠤᠷ ᠤᠨ ︵1782︶ ᠳᠤ ᠬᠠᠷ᠎ᠠ ᠪᠠᠷᠰ ᠵᠢᠯ ᠰᠦᠨᠢᠳ ᠵᠡᠬᠦᠨ ᠭᠠᠷ ᠤᠨ ᠬᠤᠰᠢᠭᠤᠨ ᠤ ᠵᠠᠰᠠᠭ ᠲᠦᠷᠦ ᠶᠢᠨ ᠵᠢᠶᠦ᠋ᠨ ᠸᠠᠩ ᠤᠨ ᠬᠡᠷᠬᠢᠮ ᠢ ᠵᠠᠯᠭᠠᠮᠵᠢᠯᠠᠵᠦ᠂ ᠬᠤᠰᠢᠭᠤ ᠵᠠᠰᠠᠭ ᠸᠠᠩ ᠰᠠᠭᠤᠵᠦ᠂ ᠲᠡᠭᠷᠢ ᠲᠡᠳᠬᠦᠭᠴᠢ ᠶᠢᠨ ᠲᠠᠪᠤᠳᠤᠭᠠᠷ ᠤᠨ ︵1785︶ ᠬᠦᠭᠡᠭᠴᠢᠨ ᠮᠤᠭᠠᠢ ᠵᠢᠯ ᠨᠠᠰᠤ ᠪᠠᠷᠠᠵᠠᠢ᠃         ᠡᠷᠢᠩᠴᠢᠨ ᠪᠤᠯ ᠠᠷᠳᠠᠰᠢᠳ᠋ ᠸᠠᠩ ᠰᠠᠭᠤᠷᠢᠨ ᠳᠤ ᠪᠠᠶᠢᠬᠤ ᠳᠤ ᠲᠦᠷᠦ ᠶᠢᠨ ᠬᠠᠮᠢᠶᠠᠷᠤᠭᠰᠠᠨ ᠪᠡᠶᠢᠯᠡ ᠨᠤᠶᠠᠨ ᠪᠠᠶᠢᠵᠦ᠂ ᠬᠤᠰᠢᠭᠤ ᠵᠠᠰᠠᠭ ᠲᠦᠷᠦ ᠶᠢᠨ ᠠᠵᠢᠯ ᠳᠤ ᠤᠷᠤᠯᠴᠠᠵᠦ ᠶᠠᠪᠤᠵᠠᠢ᠃ ᠠᠷᠳᠠᠰᠢᠳ᠋ ᠸᠠᠩ ᠦᠷ᠎ᠡ ᠬᠡᠤᠬᠡᠳ ᠦᠬᠡᠢ ᠪᠤᠯᠬᠤᠷ ᠲᠡᠬᠦᠨ ᠢ ᠨᠠᠰᠤ ᠪᠠᠷᠠᠭᠰᠠᠨᠨ ᠤ ᠲᠠᠷᠠᠭ᠎ᠠ ᠬᠤᠰᠢᠭᠤ ᠸᠠᠩ ᠤᠨ ᠰᠠᠭᠤᠷᠢᠨ ᠳᠤ ᠰᠠᠭᠤᠵᠦ᠂ ᠵᠠᠰᠠᠭ ᠪᠠᠷᠠᠵᠠᠢ᠃ ᠲᠡᠷᠡ ᠬᠡᠳᠦᠢ ᠪᠠᠷ ᠭᠤᠷᠪᠠᠨ ᠵᠢᠯ ᠢᠯᠡᠬᠦᠬᠡᠨ ᠵᠠᠰᠠᠭ ᠪᠠᠷᠢᠭᠰᠠᠨ ᠪᠤᠯᠪᠠᠴᠤ ᠬᠤᠰᠢᠭᠤ ᠨᠤᠳᠤᠭ ᠤᠨ ᠠᠷᠠᠳ ᠢᠷᠭᠡᠳ ᠲᠤ ᠶᠡᠭᠡ ᠬᠦᠨᠳᠦᠳᠡᠢ ᠸᠠᠩ ᠪᠠᠶᠢᠵᠦ ᠬᠦᠮᠦᠰ ᠲᠡᠬᠦᠨ ᠢ ︽ᠡᠪᠦᠬᠡᠨ ᠸᠠᠩ︾ ᠬᠡᠵᠦ ᠬᠦᠨᠳᠦᠳᠭᠡᠨ ᠲᠠᠭᠤᠳᠠᠳᠠᠭ ᠪᠠᠶᠢᠵᠠᠢ᠃ 1984 ᠤᠨ ᠤ ᠨᠠᠮᠤᠷ᠂ ᠰᠦᠨᠢᠳ ᠨᠤᠳᠤᠭ ᠲᠡᠤᠬᠡᠨ ᠳᠤ ᠬᠤᠪᠤᠷᠬᠠᠨ ᠬᠦᠢᠳᠡᠨ ᠪᠤᠷᠤᠭᠠᠨ ᠤᠷᠤᠵᠦ ᠰᠦᠷᠡᠬᠡᠢ ᠬᠦᠨᠳᠦ ᠭᠠᠮᠰᠢᠭ ᠪᠤᠯᠵᠠᠢ᠃ ᠡᠷᠢᠩᠴᠢᠨ ᠸᠠᠩ ᠡᠨᠡᠬᠦ ᠬᠦᠨᠳᠦ ᠭᠠᠮᠰᠢᠭ ᠤᠨ ᠪᠠᠶᠢᠳᠠᠯ ᠢ ᠰᠢᠯᠢ ᠶᠢᠨ ᠭᠤᠤᠯ ᠤᠨ ᠴᠢᠭᠤᠯᠭᠠᠨ ᠲᠠᠷᠤᠭ᠎ᠠ ᠪᠠᠷ ᠲᠠᠮᠵᠢᠭᠤᠯᠤᠨ᠂ ᠮᠠᠨᠵᠦ ᠶᠢᠨ ᠬᠠᠭᠠᠨ ᠳᠤ ᠠᠶᠢᠯᠠᠳᠬᠠᠯ ᠪᠢᠴᠢᠭ ᠡᠷᠬᠦᠵᠦ ᠲᠡᠷᠡ ᠵᠢᠯ ᠤᠨ ᠠᠯᠪᠠ ᠭᠠᠶᠢᠯᠢ ᠶᠢ ᠬᠡᠯᠳᠦᠷᠢᠬᠦᠯᠦᠨ᠂ ᠬᠤᠰᠢᠭᠤ ᠶᠠᠮᠤᠨ ᠤᠨ ᠰᠠᠩ ᠤᠨ ᠭᠠᠵᠠᠷ ᠠᠴᠠ ᠡᠳ᠋ ᠪᠤᠳᠠᠰ᠂ ᠮᠦᠡᠭᠭᠦ ᠭᠠᠷᠭᠠᠵᠦ᠂ ᠭᠠᠮᠰᠢᠭᠳᠠᠭᠰᠠᠨ ᠠᠷᠠᠳ ᠢ ᠲᠡᠳᠬᠦᠨ ᠲᠤᠰᠠᠯᠠᠪᠠ᠃        ᠡᠷᠢᠩᠴᠢᠨ ᠸᠠᠩ᠂ ᠵᠠᠰᠠᠭ ᠸᠠᠩ ᠤᠨ ᠰᠠᠭᠤᠷᠢᠨ ᠳᠤ ᠰᠠᠭᠤᠬᠤ ᠠᠴᠠ ᠡᠮᠦᠨ᠎ᠡ᠂ ᠠᠷᠳᠠᠰᠢᠳ᠋ ᠸᠠᠩ ᠤᠨ ᠢᠳᠡᠬᠡᠯ ᠲᠠᠢ ᠲᠤᠰᠠᠯᠠᠭᠴᠢ ᠨᠢ ᠪᠠᠶᠢᠵᠦ᠂ ᠬᠤᠰᠢᠭᠤ ᠶᠠᠮᠤᠨ ᠤᠨ ᠲᠤᠳᠤᠭᠠᠳᠤ ᠭᠡᠷᠡᠭ ᠤᠨ ᠵᠦᠪᠯᠡᠬᠦ ᠭᠤᠤᠯ ᠬᠦᠮᠦᠨ ᠨᠢ ᠪᠤᠯᠵᠦ ᠠᠷᠳᠠᠰᠢᠳ᠋ ᠸᠠᠩ ᠢ ᠬᠠᠪᠰᠤᠷᠤᠨ᠂ ᠬᠤᠰᠢᠭᠤ ᠨᠤᠳᠤᠭ ᠤᠨ ᠲᠤᠮᠤ ᠭᠡᠷᠡᠭ ᠤᠴᠢᠷ ᠢ ᠵᠦᠪᠯᠡᠬᠦ᠂ ᠰᠶᠢᠳᠪᠦᠷᠢᠯᠡᠬᠦ ᠳᠤ ᠲᠤᠰᠠᠯᠠᠵᠦ ᠪᠠᠶᠢᠭᠰᠠᠨ ᠪᠤᠯᠬᠤᠷ᠂ ᠮᠠᠰᠢ ᠬᠠᠰᠢᠷ ᠲᠤᠷᠰᠢᠯᠭ᠎ᠠ ᠲᠠᠢ ᠪᠤᠯᠤᠭᠰᠠᠨ ᠠᠴᠠ᠂ ᠵᠠᠰᠠᠭ ᠸᠠᠩ ᠤᠨ ᠰᠠᠭᠤᠷᠢᠨ ᠳᠤ ᠰᠠᠭᠤᠭᠰᠠᠨ ᠤ ᠲᠠᠷᠠᠭ᠎ᠠ ᠬᠤᠰᠢᠭᠤ ᠨᠤᠳᠤᠭ ᠤᠨ ᠬᠡᠷᠡᠭ ᠤᠴᠢᠷ ᠨᠢ ᠪᠤᠯᠭᠤᠮᠵᠢᠳᠠᠢ ᠰᠠᠶᠢᠬᠠᠨ ᠰᠶᠢᠳᠪᠦᠷᠢᠯᠡᠵᠦ᠂ ᠶᠠᠮᠤᠨ ᠤ ᠲᠤᠳᠤᠷ᠎ᠠ ᠭᠠᠳᠠᠨᠠᠬᠢ ᠬᠦᠮᠦᠰ ᠤᠨ ᠢᠳᠡᠭᠡᠯ ᠬᠦᠷᠢᠶᠡᠯᠡᠯ ᠢ ᠤᠯᠤᠭᠰᠠᠨ ᠸᠠᠩ ᠪᠠᠶᠢᠵᠠᠢ᠃
 
ᠢᠷᠡᠯᠲᠡ᠄ ︽ᠰᠦᠨᠢᠳ ᠵᠡᠬᠦᠨ ᠬᠤᠰᠢᠭᠤᠨ ᠤ ᠨᠡᠷᠡᠳᠦ ᠴᠤᠤᠳᠦ ᠬᠦᠮᠦᠰ︾ ᠬᠡᠬᠦ ᠨᠤᠮ ᠠᠴᠠ ᠬᠠᠨᠭ᠍ᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号