ᠲᠠᠪᠤ᠄ ᠸᠠᠩᠴᠢᠨ ︵1702 — 1763︶
ᠨᠡᠶᠢᠲᠡᠯᠡᠭᠰᠡᠨ ᠴᠠᠭ᠄
2010/10/6
        ᠲᠠᠪᠤ᠄ ᠸᠠᠩᠴᠢᠨ ︵1702 — 1763︶       ᠸᠠᠩᠴᠢᠨ ᠪᠤᠯ ᠰᠦᠨᠢᠳ ᠵᠡᠬᠦᠨ ᠭᠠᠷᠤᠨ ᠬᠤᠰᠢᠭᠤᠨ ᠤ ᠲᠦᠷᠦ ᠶᠢᠨ ᠵᠠᠰᠠᠭ ᠵᠢᠶᠦ᠋ᠨ ᠸᠠᠩ ᠴᠤᠶᠢᠵᠢᠬᠦᠡᠭᠰᠦᠷᠦ᠋ᠡᠭ ᠤᠨ ᠭᠤᠷᠪᠠᠳᠤᠭᠠᠷ ᠬᠦᠪᠡᠬᠦᠨ ᠪᠤᠯᠤᠨ᠎ᠠ᠃ ᠲᠡᠷᠡ ᠪᠠᠷ ᠨᠠᠶᠢᠷᠠᠯᠳᠦ ᠲᠦᠪ ᠤᠨ ᠠᠷᠪᠠᠳᠤᠭᠠᠷ ᠤᠨ ︵1732︶ ᠳᠤ ᠵᠠᠷᠯᠢᠭ ᠢᠶᠠᠷ ᠰᠦᠨᠢᠳ ᠵᠡᠬᠦᠨ ᠭᠠᠷᠤᠨ ᠬᠤᠰᠢᠭᠤᠨ ᠤ ᠵᠠᠰᠠᠭ ᠲᠦᠷᠦ ᠶᠢᠨ ᠵᠢᠶᠦ᠋ᠨ ᠸᠠᠩ ᠤᠨ ᠬᠡᠷᠬᠡᠮ ᠢ ᠵᠠᠯᠭᠠᠮᠵᠢᠯᠠᠪᠠᠢ᠃        ᠲᠡᠷᠡ ᠲᠡᠭᠷᠢ ᠲᠡᠳᠬᠦᠭᠴᠢ ᠶᠢᠨ ᠨᠠᠢᠮᠠᠳᠤᠭᠠᠷ ᠤᠨ ︵1734︶ ᠤᠨ ᠳᠤ ᠬᠠᠭᠠᠨ ᠤ ᠵᠠᠷᠯᠢᠭ ᠢᠶᠠᠷ ᠴᠢᠶᠠᠨ ᠮᠧᠨ ᠳᠤ ᠵᠢᠰᠢᠶᠡᠯᠡᠨ ᠶᠠᠪᠤᠬᠤ ᠡᠬᠦᠷᠭᠡ ᠬᠦᠢᠴᠡᠳᠬᠡᠵᠡᠢ᠃ 1755 ᠤᠨ ᠳᠤ ᠶᠡᠭᠡ ᠴᠡᠷᠢᠭ ᠲᠠᠸᠠᠴᠢ ᠶᠢ ᠲᠠᠶᠢᠯᠠᠬᠤ ᠪᠠᠷ ᠮᠤᠷᠳᠠᠬᠤ ᠳᠤ ᠴᠡᠷᠢᠭ ᠤᠨ ᠠᠭᠳᠠ᠂ ᠲᠡᠮᠡᠭᠡ ᠪᠠᠷ ᠲᠤᠰᠠᠯᠠᠵᠦ ᠪᠠᠶᠢᠵᠠᠢ᠃        ᠸᠠᠩᠴᠢᠨ 1751 ᠤᠨ ᠳᠤ ᠰᠢᠯᠢ ᠶᠢᠨ ᠭᠤᠤᠯ ᠴᠢᠭᠤᠯᠭᠠᠨ ᠤ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ 1755 ᠤᠨ ᠳᠤ ᠴᠢᠭᠤᠯᠭᠠᠨ ᠤ ᠲᠡᠳ᠋ ᠲᠠᠷᠤᠭ᠎ᠠ ᠶᠢᠨ ᠲᠤᠰᠢᠶᠠᠯ ᠠᠴᠠ ᠪᠠᠨ ᠬᠠᠯᠠᠭᠳᠠᠵᠠᠢ᠃ ᠸᠠᠩᠴᠢᠨ ᠤᠨ ᠲᠡᠳ᠋ ᠴᠢᠭᠤᠯᠭᠠᠨ ᠲᠠᠷᠤᠭ᠎ᠠ ᠶᠢᠨ ᠲᠤᠰᠢᠶᠠᠯ ᠢ ᠵᠡᠬᠦᠨ ᠦᠵᠦᠮᠦᠴᠢᠨ ᠬᠤᠰᠢᠭᠤᠨ ᠤ ᠵᠠᠰᠠᠭ ᠲᠦᠷᠦ ᠶᠢᠨ ᠡᠷᠳᠡᠨᠢ ᠪᠡᠶᠢᠯᠡ ᠸᠠᠩ ᠲᠠᠰᠢᠭᠤᠮᠤᠪᠤ ᠬᠠᠷᠢᠭᠤᠴᠠᠵᠠᠢ᠃        ᠲᠡᠭᠷᠢ ᠲᠡᠤᠬᠦᠭᠴᠢ ᠶᠢᠨ ᠬᠤᠷᠢᠨ ᠤᠨ ︵1763︶ ᠤᠨ ᠳᠤ ᠨᠠᠰᠤ ᠪᠠᠷᠠᠪᠠ᠃
 
ᠢᠷᠡᠯᠲᠡ᠄ ︽ᠰᠦᠨᠢᠳ ᠵᠡᠬᠦᠨ ᠬᠤᠰᠢᠭᠤᠨ ᠤ ᠨᠡᠷᠡᠳᠦ ᠴᠤᠤᠳᠦ ᠬᠦᠮᠦᠰ ᠤᠨ ᠴᠠᠳᠢᠭ︾ ᠬᠡᠬᠦ ᠨᠤᠮ ᠠᠴᠠ ᠪᠠᠭᠤᠯᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号