ᠭᠤᠷᠪᠠᠳᠤᠭᠠᠷ᠄ ᠰᠠᠮᠠᠳ᠋
ᠨᠡᠶᠢᠲᠡᠯᠡᠭᠰᠡᠨ ᠴᠠᠭ᠄
2010/10/6
         ᠭᠤᠷᠪᠠᠳᠤᠭᠠᠷ᠄ ᠰᠠᠮᠠᠳ᠋       ᠰᠠᠮᠠᠳ᠋ ︵1630 — 1697︶ ᠪᠤᠯ ᠲᠠᠩᠭᠢᠰ ᠮᠡᠷᠬᠡᠨ ᠸᠠᠩ ᠤᠨ ᠲᠦᠷᠪᠡᠳᠦᠬᠡᠷ ᠸᠠᠩ ᠤᠨ ᠲᠦᠷᠪᠡᠳᠦᠬᠡᠷ ᠬᠦᠤ᠂ ᠲᠤᠰ ᠬᠤᠰᠢᠭᠤᠨ ᠤ ᠠᠩᠬᠠᠨ ᠤ ᠲᠦᠷᠦ ᠶᠢᠨ ᠪᠡᠶᠢᠯᠡ ᠶᠢᠨ ᠨᠢᠬᠡ ᠨᠢ ᠪᠠᠶᠢᠵᠠᠢ᠃ ᠠᠬ᠎ᠠ ᠲᠠᠩᠬᠢᠳᠠᠢ ᠪᠠᠨ ᠨᠠᠰᠤ ᠪᠠᠷᠠᠭᠰᠠᠨ ᠤ ᠲᠠᠷᠠᠭ᠎ᠠ ᠡᠩᠭᠡ ᠠᠮᠤᠭᠤᠯᠠᠩ ᠤᠨ ᠭᠤᠷᠪᠠᠳᠤᠭᠠᠷ ᠤᠨ ︵1664︶ ᠤᠨ ᠳᠤ ᠰᠦᠨᠢᠳ ᠵᠡᠬᠦᠨ ᠭᠠᠷᠤᠨ ᠬᠤᠰᠢᠭᠤᠨ ᠤ ᠭᠤᠷᠪᠠᠳᠤᠭᠠᠷ ᠦᠶ᠎ᠡ ᠶᠢᠨ ᠵᠠᠰᠠᠭ ᠲᠦᠷᠦ ᠶᠢᠨ ᠵᠢᠶᠦ᠋ᠨ ᠸᠠᠩ ᠤᠨ ᠰᠠᠭᠤᠷᠢᠨ ᠢ ᠵᠠᠯᠭᠠᠮᠵᠢᠯᠠᠵᠠᠢ᠃ ᠲᠡᠷᠡ ᠵᠠᠰᠠᠭ ᠲᠦᠷᠦ ᠶᠢᠨ ᠵᠢᠶᠦ᠋ᠨ ᠸᠠᠩ ᠪᠤᠯᠤᠭᠰᠠᠨ ᠤ ᠲᠠᠷᠠᠭ᠎ᠠ ᠮᠠᠨᠵᠦ ᠳᠤ ᠠᠪᠤᠭᠰᠠᠨ ᠤᠪᠤᠷ ᠨᠢ ᠲᠡᠶᠢᠮᠦ ᠬᠠᠯᠠᠭᠤᠨ ᠴᠤ ᠪᠢᠰᠢ ᠬᠦᠢᠳᠡᠨ ᠴᠤ ᠪᠢᠰᠢ᠂ ᠶᠡᠷᠦ ᠨᠢ ᠪᠠᠶᠢᠳᠠᠯ ᠢ ᠬᠠᠷᠠᠵᠦ ᠬᠡᠪ ᠢᠶᠠᠨ ᠰᠠᠬᠢᠭᠰᠠᠨ ᠪᠠᠶᠢᠳᠠᠭ᠃ 1671 ᠤᠨ ᠳᠤ ᠰᠦᠨᠢᠳ ᠤᠨ ᠨᠤᠳᠤᠭ ᠲᠤ ᠬᠦᠨᠳᠦ ᠬᠡᠴᠡᠬᠦᠤ ᠵᠤᠳ ᠭᠠᠮᠰᠢᠭ ᠪᠤᠯᠵᠦ᠂ ᠮᠠᠯ ᠰᠦᠷᠦᠭ ᠬᠤᠬᠢᠷᠠᠵᠦ᠂ ᠬᠠᠷᠢᠶᠠᠳᠦ ᠠᠷᠠᠳ ᠤᠨ ᠠᠮᠢᠳᠤᠷᠠᠯ ᠮᠠᠰᠢ ᠬᠦᠴᠢᠷᠳᠡᠯ ᠲᠠᠢ ᠪᠤᠯᠤᠭᠰᠠᠨ ᠳᠤ ᠰᠠᠮᠠᠳ᠋ ᠸᠠᠩ ᠦᠪᠡᠷ ᠤᠨ ᠪᠡᠶ᠎ᠡ ᠪᠠᠷ ᠢᠶᠠᠨ ᠡᠩᠭᠡ ᠠᠮᠤᠭᠤᠯᠠᠩ ᠬᠠᠭᠠᠨ ᠳᠤ ᠪᠠᠷᠠᠳᠠᠵᠦ᠂ ᠭᠠᠮᠰᠢᠭ ᠠᠴᠠ ᠲᠡᠩᠭᠡᠷᠡᠬᠦᠯᠬᠦ ᠲᠤᠰᠠᠯᠠᠮᠵᠢ ᠭᠤᠶᠤᠵᠠᠢ᠃ ᠡᠩᠭᠡ ᠠᠮᠤᠭᠤᠯᠠᠩ ᠬᠠᠭᠠᠨ ᠵᠠᠷᠯᠢᠭ ᠪᠤᠯᠵᠦ ᠬᠦᠬᠡᠬᠤᠳᠠ ᠳᠤ ᠬᠠᠳᠠᠭᠠᠯᠠᠵᠦ ᠪᠠᠶᠢᠭᠰᠠᠨ ᠤᠯᠤᠰ ᠤᠨ ᠬᠦᠮᠦᠷᠬᠡ ᠠᠴᠠ ᠠᠮᠤ ᠪᠤᠳᠠᠭ᠎ᠠ᠂ ᠬᠤᠪᠴᠠᠰᠦ ᠬᠤᠨᠠᠷ ᠭᠠᠷᠭᠠᠵᠦ ᠭᠠᠮᠰᠢᠭᠳᠠᠭᠰᠠᠨ ᠠᠷᠠᠳ ᠲᠤ ᠲᠦᠬᠡᠬᠡᠨ ᠦᠭᠴᠡᠢ᠃ ᠰᠠᠮᠠᠳ᠋ ᠢᠡᠭᠬᠢᠵᠦ ᠪᠡᠶ᠎ᠡ ᠪᠠᠷ ᠢᠶᠠᠨ ᠡᠩᠭᠡ ᠠᠮᠤᠭᠤᠯᠠᠩ ᠬᠠᠭᠠᠨ ᠳᠤ ᠪᠠᠷᠠᠳᠠᠵᠦ ᠲᠤᠰᠠᠯᠠᠮᠵᠢ ᠭᠤᠶᠤᠭᠰᠠᠨ ᠨᠢ ︽ᠲᠠᠩᠭᠢᠰ ᠤᠨ ᠪᠤᠰᠤᠯᠭ᠎ᠠ︾ ᠠᠴᠠ ᠬᠤᠶᠢᠰᠢᠬᠢ ᠰᠦᠨᠢᠳᠴᠤᠳ ᠲᠤ ᠮᠠᠨᠵᠦ ᠶᠢᠨ ᠶᠠᠮᠠᠷ ᠤᠪᠤᠷ ᠢᠶᠠᠷ ᠬᠠᠨᠳᠤᠬᠤ ᠶᠢ ᠲᠠᠩᠰᠡᠵᠦ ᠦᠵᠡᠭᠰᠡᠨ ᠶᠠᠪᠤᠳᠠᠯ ᠬᠡᠵᠦ ᠲᠡᠷᠡ ᠦᠶ᠎ᠡ ᠶᠢᠨ ᠬᠦᠮᠦᠰ ᠦᠵᠡᠵᠦ ᠪᠠᠶᠢᠵᠠᠢ᠃        ᠡᠩᠭᠡ ᠠᠮᠤᠭᠤᠯᠠᠩ ᠤᠨ ᠬᠤᠷᠢᠨ ᠲᠤᠯᠤᠳᠤᠭᠠᠷ ᠤᠨ ᠳᠤ ︵1688︶ ᠭᠠᠯᠳᠠᠨ ᠪᠤᠱᠤᠭᠳᠤ ᠬᠠᠯᠬ᠎ᠠ ᠳᠤ ᠲᠤᠪᠳᠤᠯᠤᠭᠰᠠᠨ ᠤᠴᠢᠷ ᠠᠴᠠ ᠰᠠᠮᠠᠳ᠋ ᠬᠠᠷᠢᠶᠠᠳᠦ ᠠᠶᠢᠮᠠᠭ ᠠᠴᠠ ᠪᠠᠨ ᠬᠤᠶᠠᠷ ᠮᠢᠩᠭᠠᠨ ᠴᠡᠷᠢᠭ ᠭᠠᠷᠭᠠᠵᠦ ᠬᠢᠵᠠᠭᠠᠷ ᠤᠨ ᠭᠠᠵᠠᠷ ᠢᠶᠠᠨ ᠰᠡᠷᠬᠡᠶᠢᠯᠡᠨ ᠬᠠᠮᠠᠭᠠᠯᠠᠵᠦ ᠰᠠᠭᠤᠯᠭᠠᠪᠠ᠃ ᠡᠩᠭᠡ ᠠᠮᠤᠭᠤᠯᠠᠩ ᠤᠨ ᠬᠤᠷᠢᠨ ᠶᠢᠰᠦᠳᠦᠭᠡᠷ ᠤᠨ ︵1690︶ ᠳᠤ ᠭᠠᠯᠳᠠᠨ ᠪᠤᠱᠤᠭᠳᠤ ᠬᠠᠨ ᠬᠠᠯᠬ᠎ᠠ ᠶᠢᠨ ᠬᠦᠨᠳᠡᠯᠡᠨ ᠪᠤᠱᠤᠭᠳᠦ ᠶᠢ ᠪᠤᠶᠢᠷ ᠨᠠᠭᠤᠷ ᠤᠨ ᠲᠡᠨᠳᠡ ᠠᠴᠠ ᠨᠡᠬᠡᠮᠵᠢᠯᠡᠨ ᠴᠤᠬᠢᠬᠤ ᠳᠤ ᠵᠠᠷᠯᠢᠭ ᠢᠶᠠᠷ ᠴᠡᠷᠢᠭ ᠠᠪᠴᠦ ᠮᠤᠷᠳᠠᠨ ᠦᠪᠡᠷ ᠤᠨ ᠬᠢᠵᠠᠭᠠᠷ ᠢᠶᠠᠨ ᠰᠡᠷᠬᠡᠶᠢᠯᠡᠨ ᠬᠠᠮᠠᠭᠠᠯᠠᠨᠪᠠ᠃ ᠡᠩᠭᠡ ᠠᠮᠤᠭᠤᠯᠠᠩ ᠤᠨ ᠭᠤᠴᠢᠨ ᠲᠠᠪᠤᠳᠤᠭᠠᠷ ᠤᠨ ︵1695︶ ᠳᠤ ᠮᠠᠨᠵᠦ ᠬᠦᠷᠦᠨ ᠤ ᠶᠡᠭᠡ ᠴᠡᠷᠢᠭ ᠭᠠᠯᠳᠠᠨ ᠪᠤᠱᠤᠭᠳᠤ ᠶᠢ ᠲᠠᠶᠢᠯᠬᠤ ᠪᠠᠷ ᠮᠤᠷᠳᠠᠬᠤ ᠦᠶ᠎ᠡ ᠳᠤ ᠲᠡᠭᠦᠨ ᠤ ᠲᠤᠤᠷᠠᠭᠢ ᠲᠠᠶᠢᠵᠢ ᠨᠠᠷ ᠢ ᠴᠡᠷᠢᠭ ᠲᠤ ᠲᠠᠳᠠᠪᠠ᠃ ᠰᠠᠮᠠᠳ᠋ ᠢ ᠨᠠᠰᠤ ᠠᠭᠰᠢᠷᠠᠵᠠᠢ ᠬᠡᠮᠡᠨ ᠬᠤᠰᠢᠭᠤ ᠨᠤᠳᠤᠭ ᠲᠤ ᠪᠤᠴᠠᠭᠠᠭᠰᠠᠨ ᠪᠠᠶᠢᠪᠠ᠃ ᠰᠠᠮᠠᠳ᠋ ᠸᠠᠩ 1697 ᠤᠨ ᠳᠤ ᠨᠠᠰᠤ ᠪᠤᠯᠳᠠᠯ᠎ᠠ ᠭᠤᠴᠢᠨ ᠲᠦᠷᠪᠡᠨ ᠵᠢᠯ ᠰᠦᠨᠢᠳ ᠵᠡᠬᠦᠨ ᠭᠠᠷᠤᠨ ᠬᠤᠰᠢᠭᠤᠨ ᠤ ᠵᠠᠰᠠᠭ ᠲᠦᠷᠦ ᠶᠢᠨ ᠵᠢᠶᠦ᠋ᠨ ᠸᠠᠩ ᠰᠠᠭᠤᠵᠠᠢ᠃
 
ᠢᠷᠡᠯᠲᠡ᠄ ︽ᠰᠦᠨᠢᠳ  ᠵᠡᠬᠦᠨ ᠬᠤᠰᠢᠭᠤᠨ ᠤ ᠨᠡᠷᠡᠳᠦ ᠴᠤᠤᠳᠦ ᠬᠦᠮᠦᠰ︾ ᠬᠡᠬᠦ ᠨᠤᠮ ᠠᠴᠠ ᠬᠠᠨᠭ᠍ᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号