ᠳ᠋᠊᠂ ᠴᠠᠭᠠᠨ
ᠨᠡᠶᠢᠲᠡᠯᠡᠭᠰᠡᠨ ᠴᠠᠭ᠄
2010/10/9
    
               ᠳ᠋᠊᠂ ᠴᠠᠭᠠᠨ ᠤ ᠨᠠᠮᠳᠠᠷ        ᠳ᠋᠊᠂ ᠴᠠᠭᠠᠨ ᠰᠢᠷ᠎ᠠ ᠬᠤᠯᠤᠭᠠᠨ᠎ᠠ ᠵᠢᠯ ᠤᠨ ᠨᠠᠢᠮᠠᠨ ᠰᠠᠷ᠎ᠠ ᠳᠤ ᠰᠦᠨᠢᠳ ᠵᠡᠭᠦᠨ ᠬᠤᠰᠢᠭᠤᠨ ᠤ ᠶᠡᠭᠡ ᠴᠠᠭᠠᠨ ᠰᠤᠮᠤᠨ ᠤ ᠨᠤᠳᠤᠭ ᠪᠠᠶᠠᠨ ᠭᠤᠤᠯ ᠬᠡᠮᠡᠬᠦ ᠭᠠᠵᠠᠷ ᠡᠴᠢᠭᠡ ᠲᠠᠰᠢᠴᠡᠷᠡᠨ᠂ ᠡᠬᠡ ᠲᠤᠯᠮ᠎ᠠ ᠶᠢᠨ ᠬᠤᠶᠠᠳᠤᠭᠠᠷ ᠬᠦᠪᠡᠭᠡᠨ ᠪᠤᠯᠤᠨ ᠵᠠᠶᠠᠭᠠᠵᠠᠢ᠃       1960 ᠤᠨ ᠤ ᠬᠠᠪᠤᠷ ᠲᠠᠯᠠᠢ ᠨᠢᠭᠡᠳᠤᠯ ᠤᠨ ᠪᠦᠷᠢᠨ ᠪᠠᠭ᠎ᠠ ᠰᠤᠷᠭᠠᠭᠤᠯᠢ ᠳᠤ ᠪᠢᠴᠢᠭ ᠦᠵᠡᠵᠦ 1963 ᠤᠨ ᠳᠤ ᠭᠡᠷ ᠤᠨ ᠬᠦᠴᠢᠷᠳᠡᠯ ᠠᠴᠠ ᠪᠤᠯᠵᠦ ᠰᠤᠷᠤᠯᠭ᠎ᠠ ᠪᠠᠨ ᠲᠤᠳᠠᠭᠤ ᠵᠤᠭᠰᠤᠵᠦ᠂ ᠭᠡᠷ ᠳᠡᠭᠡᠨ ᠬᠠᠷᠢᠵᠦ ᠮᠠᠯᠴᠢᠨ ᠪᠤᠯᠵᠠᠢ᠃ ᠡᠷᠳᠡᠮ ᠨᠤᠮ ᠰᠤᠷᠬᠤ ᠵᠠᠪᠰᠢᠶᠠᠨ ᠢᠶᠠᠨ ᠠᠯᠳᠠᠵᠦ᠂ ᠡᠬᠡ ᠰᠤᠷᠭᠠᠭᠤᠯᠢ ᠬᠠᠮᠳᠤ ᠨᠦᠬᠦᠳ ᠠᠴᠠ ᠪᠠᠨ ᠰᠠᠯᠵᠦ᠂ ᠡᠭᠡᠯ ᠵᠢᠷ ᠤᠨ ᠮᠠᠯᠴᠢᠨ ᠤ ᠠᠮᠢᠳᠤᠷᠠᠯ ᠤᠨ ᠵᠢᠯᠤᠭᠤ ᠶᠢ ᠠᠳᠬᠤᠭᠰᠠᠨ ᠨᠢ ᠡᠨᠡ ᠶᠠᠪᠤᠭ᠎ᠠ ᠨᠠᠰᠤᠨ ᠳᠠᠭᠠᠨ ᠬᠦᠮᠦᠨ ᠪᠤᠯᠬᠤ ᠶᠢᠨ ᠠᠩᠬᠠᠨ ᠤ ᠬᠡᠴᠢᠶᠡᠯ ᠪᠠᠶᠢᠭᠰᠠᠨ᠃ ᠡᠷᠢᠶᠡᠨ ᠠᠯᠠᠭ ᠬᠤᠷᠸ᠎ᠠ ᠶᠢᠨ ᠡᠭᠡᠳᠦᠷᠭᠡᠨ ᠪᠤᠳᠤᠯᠢᠶᠠᠨ ᠲᠠᠢ ᠤᠷᠴᠢᠨ ᠠᠬᠤᠢ ᠳᠤ ᠵᠢᠪᠠᠷᠳᠤ ᠲᠠᠯ᠎ᠠ ᠶᠢᠨ ᠰᠠᠯᠬᠢ ᠰᠢᠭ᠋ ᠵᠠᠯᠠᠭᠤ ᠰᠠᠶᠢᠬᠠᠨ ᠨᠠᠰᠤ ᠮᠢᠨᠢ᠂ ᠵᠢᠷᠭᠠᠯ ᠵᠤᠪᠠᠯᠠᠩ ᠤᠨ ᠲᠤᠮᠳᠠ ᠢᠡᠭᠭᠢᠵᠦ ᠦᠡᠭᠭᠡᠷᠡᠭᠰᠡᠨ ᠤᠴᠢᠷᠳᠠᠢ᠃       1976 ᠤᠨ ᠳᠤ ᠮᠤᠩᠭᠤᠯ ᠠᠨᠠᠭᠠᠬᠤ ᠤᠬᠠᠭᠠᠨ ᠰᠤᠷᠴᠦ᠂ 1977 ᠤᠨ ᠳᠤ ᠮᠤᠩᠭᠤᠯ ᠡᠮᠴᠢ ᠶᠢᠨ ᠠᠵᠢᠯ ᠬᠢᠵᠦ᠂ 1978 ᠤᠨ ᠳᠤ ᠬᠤᠨᠭ᠍ᠭᠤᠷ ᠰᠤᠮᠤᠨ ᠤ ᠡᠮᠨᠡᠯᠭᠡ ᠶᠢᠨ ᠬᠤᠷᠢᠶᠠᠨ ᠳᠤ ᠮᠤᠩᠭᠤᠯ ᠡᠮᠴᠢ ᠪᠠᠷ ᠠᠵᠢᠯᠯᠠᠪᠠ᠃ 1980 ᠤᠨ ᠳᠤ ᠪᠦᠬᠦ ᠤᠷᠤᠨ ᠤ ᠬᠠᠮᠤᠭ ᠠᠩᠬᠠᠨ ᠤ ᠰᠤᠮᠤ ᠱᠠᠳᠤᠨ ᠤ ᠮᠤᠩᠭᠤᠯ ᠰᠡᠳᠭᠦᠯ ︽ᠪᠠᠶᠠᠨ ᠬᠤᠨᠭ᠍ᠭᠤᠷ ᠤᠨ ᠲᠠᠭᠤᠯᠠᠯ︾ ᠢ ᠡᠷᠬᠢᠯᠡᠵᠦ ᠪᠠᠶᠢᠪᠠ᠃ 1984 ᠤᠨ ᠳᠤ ᠰᠦᠨᠢᠳ ᠵᠡᠬᠦᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠬᠦ ᠲᠤᠪᠴᠢᠶᠠᠨ ᠳᠤ ᠠᠵᠢᠯᠯᠠᠵᠦ ︽ᠲᠠᠷᠬᠠᠨ ᠠᠭᠤᠯᠠ︾ ᠰᠡᠳᠭᠦᠯ ᠤᠨ ᠨᠠᠶᠢᠷᠠᠭᠤᠯᠤᠭᠴᠢ ᠶᠢᠨ ᠠᠵᠢᠯ ᠬᠢᠪᠠ᠃ 1986 ᠤᠨ ᠳᠤ ᠰᠦᠨᠢᠳ ᠵᠡᠬᠦᠨ ᠬᠤᠰᠢᠭᠤᠨ ᠤ ︽ᠲᠡᠤᠬᠡ ᠲᠡᠮᠳᠡᠭᠯᠡᠯ ᠤᠨ ᠠᠯᠪᠠᠨ ᠭᠡᠷ︾ ᠲᠤ ᠨᠠᠶᠢᠷᠠᠭᠤᠯᠤᠭᠴᠢ ᠪᠠᠷ ᠠᠵᠢᠯᠯᠠᠵᠦ᠂ 1988 ᠤᠨ ᠳᠤ ᠰᠦᠨᠢᠳ ᠵᠡᠬᠦᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ︽ᠰᠤᠶᠤᠯ ᠲᠡᠤᠬᠡ ᠶᠢᠨ ᠠᠯᠪᠠᠨ ᠭᠡᠷ︾ ᠲᠤ ᠨᠠᠶᠢᠷᠠᠭᠤᠯᠤᠭᠴᠢ ᠡᠷᠬᠢᠯᠡᠭᠴᠢ ᠪᠠᠷ ᠠᠵᠢᠯᠯᠠᠵᠦ ᠪᠠᠶᠢᠵᠠᠢ᠃ 1999 ᠤᠨ ᠳᠤ ᠰᠦᠨᠢᠳ ᠵᠡᠬᠦᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠪᠠᠷ ᠠᠵᠢᠯᠯᠠᠪᠠ᠃       ᠳ᠋᠊᠂ ᠴᠠᠭᠠᠨ᠂ 1976 ᠤᠨ ᠠᠴᠠ ᠡᠬᠢᠯᠡᠵᠦ ᠡᠷᠳᠡᠨ ᠤ ᠬᠠᠳᠠᠨ ᠵᠢᠷᠤᠭ ᠤᠨ ᠲᠤᠬᠠᠢ ᠬᠡᠭᠡᠷ᠎ᠡ ᠶᠢᠨ ᠰᠢᠨᠵᠢᠯᠡᠯᠭᠡ᠂ ᠬᠠᠶᠢᠨ ᠪᠠᠶᠢᠴᠠᠭᠠᠯᠳᠠ ᠬᠢᠵᠦ᠂ ᠤᠷᠢᠳ ᠬᠤᠵᠢᠳ ᠰᠦᠨᠢᠳ ᠨᠤᠳᠤᠭ ᠤᠨ ᠠᠷᠪᠠᠨ ᠲᠤᠯᠤᠭᠠᠨ ᠭᠠᠵᠠᠷ ᠤᠷᠤᠨ ᠤ ᠬᠡᠪᠴᠢᠶᠡᠨ ᠳᠤ ᠲᠠᠷᠬᠠᠵᠦ ᠪᠤᠢ ᠡᠷᠳᠡᠨ ᠤ ᠬᠠᠳᠠᠨ ᠵᠢᠷᠤᠭ ᠢ ᠬᠠᠶᠢᠨ ᠢᠯᠡᠷᠡᠭᠦᠯᠵᠦ᠂ ᠬᠠᠳᠠᠨ ᠵᠢᠷᠤᠭ ᠤᠨ ᠰᠤᠳᠤᠯᠭᠠᠨ ᠢᠶᠠᠨ ᠡᠬᠢᠯᠡᠬᠦᠯᠵᠡᠢ᠃ 1978 ᠤᠨ ᠠᠴᠠ 1990 ᠤᠨ ᠬᠦᠷᠳᠡᠯ᠎ᠡ ᠤᠷᠤᠨ ᠠᠶᠢᠮᠠᠭ ᠤᠨ ᠰᠤᠨᠢᠨ ᠰᠡᠳᠬᠦᠯ ᠲᠡᠭᠡᠷ᠎ᠡ ᠬᠠᠳᠠᠨ ᠵᠢᠷᠤᠭ ᠤᠨ ᠲᠤᠬᠠᠢ ᠰᠤᠳᠤᠯᠭᠠᠨ ᠤ ᠦᠭᠦᠯᠡᠯ ᠢᠶᠠᠨ ᠨᠡᠶᠢᠳᠡᠯᠡᠬᠦᠯᠵᠦ ᠂ 1991 ᠤᠨ ᠳᠤ ︽ᠰᠦᠨᠢᠳ ᠬᠠᠳᠠᠨ ᠵᠢᠷᠤᠭ︾ ᠬᠡᠭᠦ ᠰᠤᠳᠤᠯᠭᠠᠨ ᠤ ᠤᠤᠭᠠᠨ ᠪᠦᠳᠦᠭᠡᠯ ᠢᠶᠠᠨ ᠬᠡᠪᠯᠡᠬᠦᠯᠵᠦ᠂ ᠡᠷᠳᠡᠮᠳᠡᠨ ᠤ ᠠᠩᠬᠠᠷᠤᠯ ᠢ ᠲᠠᠳᠠᠵᠦ᠂ ᠦᠪᠦᠷ ᠮᠤᠩᠭᠤᠯ ᠨᠤᠳᠤᠭ ᠤᠨ ᠢᠶᠠᠨ ᠡᠷᠳᠡᠨ ᠤ ᠬᠠᠳᠠᠨ ᠵᠢᠷᠤᠭ ᠢ ᠮᠤᠩᠭᠤᠯ ᠨᠢᠳᠦ ᠪᠠᠷ ᠬᠠᠷᠠᠵᠦ᠂ ᠮᠤᠩᠭᠤᠯ ᠰᠡᠳᠬᠢᠬᠦᠢ ᠪᠠᠷ ᠤᠡᠭᠰᠢᠵᠦ᠂ ᠮᠤᠩᠭᠤᠯ ᠬᠡᠯᠡ ᠪᠠᠷ ᠪᠢᠴᠢᠭᠰᠡᠨ ᠠᠩᠬᠠᠨ ᠤ ᠨᠤᠮ ᠬᠡᠮᠡᠨ ᠦᠨᠡᠯᠡᠭᠳᠡᠭᠰᠡᠨ ᠪᠠᠶᠢᠨ᠎ᠠ᠃ 1993 ᠤᠨ ᠳᠤ ︽ᠡᠷᠳᠡᠨ ᠤ ᠴᠢᠯᠠᠭᠤᠨ ᠰᠤᠶᠤᠯ ᠤᠨ ᠦᠪ ᠢ ᠠᠩᠬ᠎ᠠ ᠤᠳᠠᠭ᠎ᠠ ᠰᠢᠰᠲ᠋ᠧᠮ ᠲᠠᠢ ᠪᠠᠷ ᠡᠮᠬᠢᠳᠬᠡᠨ ᠰᠤᠳᠤᠯᠭᠠᠨ ᠤ ᠬᠦᠷᠢᠶ᠎ᠡ ᠴᠠᠷ᠎ᠠ ᠳᠤ ᠤᠷᠤᠭᠤᠯᠵᠦ᠂ ᠴᠢᠯᠠᠭᠤᠨ ᠰᠤᠶᠤᠯ ᠤᠨ ᠦᠷᠭᠡᠨ ᠬᠦᠷᠢᠶ᠎ᠡ ᠶᠢ ᠬᠠᠮᠤᠷᠴᠦ ᠲᠠᠨᠢᠯᠴᠠᠭᠤᠯᠤᠭᠰᠠᠨ︾ ᠨᠤᠮ ︽ᠴᠢᠯᠠᠭᠤᠨ ᠰᠤᠶᠤᠯ︾ ᠢᠶᠠᠨ ᠬᠡᠪᠯᠡᠬᠦᠯᠪᠡ᠃ ︽ᠰᠦᠨᠢᠳ ᠤᠨ ᠵᠠᠩ ᠠᠭᠠᠯᠢ︾᠂ ︽ᠮᠤᠩᠭᠤᠯ ᠬᠦᠮᠦᠨ ᠤ ᠢᠵᠠᠭᠤᠷ ᠲᠤᠭᠯᠠᠭᠠᠮ — ᠱᠠᠭ᠎ᠠ︾᠂ ︽ᠮᠤᠩᠭᠤᠯᠴᠤᠳ ᠤᠨ ᠲᠡᠭᠡᠰᠦ ᠲᠠᠮᠤᠬᠤ ᠰᠤᠶᠤᠯ︾᠂ ︽ᠮᠤᠩᠭᠤᠯ ᠦᠨᠳᠦᠰᠦᠳᠡᠨ ᠤ ᠤᠯᠠᠮᠵᠢᠯᠠᠯᠳᠤ ᠮᠤᠳᠤᠨ ᠡᠳ᠋ᠯᠡᠯ ᠤᠨ ᠰᠤᠶᠤᠯ︾᠂ ︽ᠮᠤᠩᠭᠤᠯ ᠦᠨᠳᠦᠰᠦᠳᠡᠨ ᠤ ᠤᠯᠠᠮᠵᠢᠯᠠᠯᠳᠤ ᠮᠠᠯ ᠤᠨ ᠲᠠᠮᠠᠭᠠᠨ ᠰᠤᠶᠤᠯ︾᠂ ︽ᠲᠠᠮᠠᠴᠢ ᠶᠢᠨ ᠡᠯᠢᠬᠡᠨ ᠳᠠᠬᠢ ᠡᠷᠳᠡᠨ ᠤ ᠬᠠᠳᠠᠨ ᠵᠢᠷᠤᠭ︾ ᠵᠡᠷᠭᠡ ᠰᠤᠳᠤᠯᠭᠠᠨ ᠤ ᠨᠤᠮ᠂ ︽ᠰᠦᠨᠢᠳ ᠪᠦᠬᠡ︾᠂ ︽ᠰᠦᠨᠢᠳ ᠤᠨ ᠰᠦᠮ᠎ᠡ ᠬᠡᠶᠢᠳ ᠤᠨ ᠲᠡᠤᠬᠡᠨ ᠲᠤᠶᠢᠮᠤ︾᠂ ︽ᠰᠦᠨᠢᠳ ᠤᠨ ᠲᠠᠬᠢᠯᠭᠠᠳᠤ ᠤᠪᠤᠭ᠎ᠠ︾᠂ ︽ᠰᠦᠨᠢᠳ ᠠᠷᠠᠳ ᠤᠨ ᠢᠷᠦᠭᠡᠯ ᠮᠠᠭᠳᠠᠭᠠᠯ︾᠂ ︽ᠰᠦᠨᠢᠳ ᠤᠨ ᠭᠠᠵᠠᠷ ᠤᠨ ᠨᠡᠷᠡᠰ ᠤᠨ ᠲᠤᠮᠤᠭ︾᠂ ︽ᠬᠦᠪᠡᠬᠦᠨ ᠬᠤᠨᠭ᠍ᠭᠤᠷ ᠤᠨ ᠲᠤᠮᠤᠭ︾᠂ ︽ᠰᠦᠨᠢᠳ ᠤᠨ ᠪᠠᠭᠠᠳᠤᠷᠯᠢᠭ ᠲᠤᠤᠯᠢᠰ︾᠂᠂᠂᠂᠂᠂᠂ ᠵᠡᠷᠭᠡ ᠵᠠᠩ ᠦᠢᠯᠡ ᠶᠢᠨ ᠨᠤᠮ᠂ ︽ᠶᠡᠭᠡ ᠲᠠᠮᠠᠴᠢ ᠶᠢᠨ ᠲᠡᠭᠷᠢ︾᠂ ︽ᠨᠤᠫᠧᠯ ᠤᠨ ᠬᠦᠷᠡᠩ ᠴᠢᠯᠠᠭᠤ︾᠂ ︽ᠨᠡᠬᠦᠳᠡᠯ ᠤᠨ ᠲᠤᠭᠤᠰᠤ ᠲᠠᠢ ᠴᠢᠯᠠᠭᠤ︾᠂᠂᠂᠂᠂᠂ ᠤᠷᠠᠨ ᠵᠤᠬᠢᠶᠠᠯ ᠤᠨ ᠨᠤᠮ ᠵᠡᠷᠭᠡ ᠬᠤᠷᠢᠨ ᠭᠤᠷᠪᠠ ᠪᠢᠴᠢᠵᠦ ᠬᠡᠪᠯᠡᠬᠦᠯᠵᠡᠢ        ᠳ᠋᠊᠂ ᠴᠠᠭᠠᠨ᠂ ᠪᠠᠰᠠ ︽ᠰᠦᠨᠢᠳ ᠵᠡᠬᠦᠨ ᠬᠤᠰᠢᠭᠤᠨ ᠤ ᠲᠡᠤᠬᠡ ᠶᠢᠨ ᠲᠤᠪᠴᠢ ᠲᠡᠮᠳᠡᠭᠯᠡᠯ︾᠂ ︽ᠰᠦᠨᠢᠳ ᠵᠡᠬᠦᠨ ᠬᠤᠰᠢᠭᠤᠨ ᠤ ᠦᠢᠯᠠᠯᠭ᠎ᠠ︾᠂ ︽ᠰᠦᠨᠢᠳ ᠵᠡᠬᠦᠨ ᠬᠤᠰᠢᠭᠤᠨ ᠤ ᠭᠠᠵᠠᠷ ᠤᠨ ᠨᠡᠷ᠎ᠡ ᠶᠢᠨ ᠲᠡᠮᠳᠡᠭᠯᠡᠯ︾᠂ ︽ᠰᠦᠨᠢᠳ ᠵᠡᠬᠦᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠤᠬᠡ︾᠂ ︽ᠨᠠᠷᠠᠨ ᠵᠦᠭ ᠤᠨ ᠭᠤᠪᠢ︾᠂ ︽ᠰᠦᠮᠡᠳᠦ ᠪᠤᠳᠠᠷ︾᠂᠂᠂᠂᠂᠂ ᠵᠡᠷᠭᠡ 20 ᠭᠠᠷᠤᠢ ᠨᠤᠮ ᠨᠠᠶᠢᠷᠠᠭᠤᠯᠤᠨ ᠪᠢᠴᠢᠭᠰᠡᠨ ᠪᠤᠶᠤ ᠨᠠᠶᠢᠷᠠᠭᠤᠯᠵᠦ ᠪᠢᠴᠢᠬᠦ ᠠᠵᠢᠯ ᠢ ᠭᠠᠷᠳᠠᠨ ᠬᠢᠵᠠᠢ᠃ ︽ᠮᠤᠩᠭᠤᠯ ᠵᠠᠩ ᠦᠢᠯᠡ ᠶᠢᠨ ᠨᠡᠪᠳᠡᠷᠬᠡᠢ ᠲᠤᠯᠢ︾ ᠨᠤᠮ ᠤᠨ ᠨᠢᠭᠡᠳᠦᠭᠡᠷ ᠪᠤᠳᠢ᠂ ᠬᠤᠶᠠᠳᠤᠭᠠᠷ ᠪᠤᠳᠢ᠃ ᠭᠤᠷᠪᠠᠳᠤᠭᠠᠷ ᠪᠤᠳᠢ ᠳᠤ ᠲᠤᠰᠠᠬᠠᠢ ᠪᠦᠯᠦᠭ ᠢ ᠪᠢᠴᠢᠵᠦ ᠨᠠᠶᠢᠷᠠᠭᠤᠯᠬᠤ ᠳᠤ ᠤᠷᠤᠯᠴᠠᠵᠠᠢ᠃ ᠤᠭᠰᠠᠭ᠎ᠠ ᠵᠦᠢ᠂ ᠵᠠᠩ ᠦᠢᠯᠡ ᠶᠢᠨ ᠲᠤᠬᠠᠢ ᠭᠡᠭᠡᠷ᠎ᠡ ᠶᠢᠨ ᠰᠢᠨᠵᠢᠯᠭᠡ ᠬᠢᠵᠦ ᠤᠷᠢᠳ ᠬᠤᠵᠢᠳ ᠤᠯᠤᠰ ᠤᠷᠤᠨ ᠳᠤ ᠠᠶᠢᠮᠠᠭ ᠤᠨ ᠰᠤᠨᠢᠨ ᠰᠡᠳᠭᠦᠯ ᠲᠡᠭᠡᠷ᠎ᠡ 40 ᠭᠠᠷᠤᠢ ᠡᠷᠳᠡᠮ ᠰᠢᠨᠵᠢᠯᠡᠯᠭᠡᠨ ᠤ ᠦᠬᠦᠯᠡᠯ ᠨᠡᠶᠢᠳᠡᠭᠦᠯᠵᠦ ︽ᠮᠤᠩᠭᠤᠯ ᠵᠠᠩ ᠦᠢᠯᠡ ᠶᠢᠨ ᠰᠤᠳᠤᠯᠤᠯ︾᠂ ︽ᠮᠤᠩᠭᠤᠯ ᠵᠠᠩ ᠦᠢᠯᠡ ᠶᠢᠨ ᠰᠢᠨᠵᠢᠯᠡᠯ︾᠂ ︽ᠮᠤᠩᠭᠤᠯ ᠬᠤᠷᠢᠮ︾᠂᠂᠂᠂᠂᠂᠂ ᠵᠡᠷᠬᠡ 20 ᠭᠠᠷᠤᠢ ᠨᠤᠮ ᠳᠤ ᠲᠡᠭᠦᠪᠦᠷᠢᠯᠡᠭᠳᠡᠨ ᠤᠷᠤᠵᠠᠢ᠃       ᠳ᠋᠊᠂ ᠴᠠᠭᠠᠨ᠂ 1978 ᠤᠨ ᠠᠴᠠ 2008 ᠤᠨ ᠬᠦᠷᠳᠡᠯ᠎ᠡ ᠭᠤᠴᠢᠨ ᠵᠢᠯ ᠤᠨ ᠲᠤᠷᠰᠢ ᠰᠦᠨᠢᠳ ᠤᠨ ᠲᠠᠯ᠎ᠠ ᠨᠤᠳᠤᠭ ᠪᠤᠯᠤᠨ ᠰᠢᠯᠢ ᠶᠢᠨ ᠭᠤᠤᠯ ᠤᠨ ᠲᠠᠯ᠎ᠠ ᠨᠤᠳᠤᠭ ᠢᠶᠠᠷ ᠬᠠᠶᠢᠨ ᠪᠠᠶᠢᠴᠠᠭᠠᠯᠳᠠ᠂ ᠬᠡᠭᠡᠷ᠎ᠡ ᠶᠢᠨ ᠰᠢᠨᠵᠢᠯᠡᠯᠭᠡ ᠶᠠᠪᠤᠭᠤᠯᠵᠦ᠂ ᠬᠠᠭᠤᠴᠢᠨ ᠴᠢᠯᠠᠭᠤᠨ ᠵᠡᠪᠰᠡᠭ ᠨᠠᠷᠠᠯᠢᠭ ᠴᠢᠯᠠᠭᠤᠨ ᠪᠠᠭᠠᠵᠢ᠂ ᠰᠢᠨ᠎ᠡ ᠴᠢᠯᠠᠭᠤᠨ ᠪᠠᠭᠠᠵᠢ ᠶᠢᠨ ᠤᠯᠠᠳᠠᠪᠤᠷᠢ 15000 ᠰᠢᠷᠭᠡᠭ ᠴᠤᠭᠯᠠᠭᠤᠯᠵᠦ᠂ ᠡᠨᠡᠬᠦ ᠡᠬᠡ ᠮᠠᠲ᠋ᠧᠷᠢᠶᠠᠯ ᠳᠠᠭᠠᠨ ᠰᠠᠭᠤᠷᠢᠯᠠᠵᠦ ᠭᠤᠴᠢᠨ ᠲᠦᠮᠡᠨ ᠦᠰᠦᠭ ᠤᠨ ︽ᠴᠢᠯᠠᠭᠤᠨ ᠰᠤᠶᠤᠯ ᠰᠤᠳᠤᠯᠤᠯ︾ ᠬᠡᠭᠦ ᠨᠤᠮ ᠢᠶᠠᠨ ᠪᠢᠴᠢᠵᠡᠢ᠃ ᠮᠦᠨ 2006 ᠤᠨ ᠳᠤ ︽ᠭᠤᠪᠢ ᠶᠢᠨ ᠴᠢᠯᠠᠭᠤᠨ ᠪᠠᠭᠠᠵᠢ︾ ᠶᠢᠨ ᠦᠵᠡᠰᠭᠦᠯᠡᠩ ᠭᠠᠷᠭᠠᠵᠦ᠂ ᠤᠯᠤᠰ ᠤᠨ ᠭᠠᠳᠠᠭᠠᠳᠤ ᠳᠤᠳᠤᠭᠠᠳᠤ ᠶᠢᠨ ᠡᠷᠳᠡᠮᠳᠡᠳ ᠤᠨ ᠦᠨᠳᠦᠷ ᠦᠨᠡᠯᠳᠡ ᠶᠢ ᠬᠦᠷᠳᠡᠵᠡᠢ᠃ ᠴᠤᠭᠯᠠᠭᠤᠯᠤᠭᠰᠠᠨ ᠡᠷᠳᠡᠨ ᠤ ᠴᠢᠯᠠᠭᠤᠨ ᠪᠠᠭᠠᠵᠢ ᠶᠢᠨ ᠤᠯᠠᠳᠠᠪᠤᠷᠢ ᠠᠴᠠ ᠪᠠᠨ ᠨᠢᠭᠡ ᠪᠦᠯᠦᠭ ᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠲᠡᠭᠡᠳᠦ ᠰᠤᠷᠭᠠᠭᠤᠯᠢ ᠳᠤ ᠪᠡᠯᠡᠭᠯᠡᠵᠡᠢ᠃ ᠳ᠋᠊᠂ ᠴᠠᠭᠠᠨ᠂ ︽ᠮᠤᠩᠭᠤᠯᠴᠤᠳ ᠤᠨ ᠲᠡᠭᠡᠰᠦ ᠲᠠᠮᠤᠬᠤ ᠰᠤᠶᠤᠯ︾᠂ ︽ᠮᠤᠩᠭᠤᠯ ᠬᠦᠮᠦᠨ ᠤ ᠢᠵᠠᠭᠤᠷ ᠲᠤᠭᠯᠠᠭᠠᠮ — ᠱᠠᠭ᠎ᠠ︾᠂ ︽ᠮᠤᠩᠭᠤᠯ ᠦᠨᠳᠦᠰᠦᠳᠡᠨ ᠤ ᠤᠯᠠᠮᠵᠢᠯᠠᠯᠳᠤ ᠮᠤᠳᠤᠨ ᠡᠳ᠋ᠯᠡᠯ︾᠂ ︽ᠮᠤᠩᠭᠤᠯ ᠦᠨᠳᠦᠰᠦᠳᠡᠨ ᠤ ᠤᠯᠠᠮᠵᠢᠯᠠᠯᠳᠤ ᠮᠠᠯ ᠤᠨ ᠲᠠᠮᠠᠭᠠᠨ ᠰᠤᠶᠤᠯ︾ ᠬᠡᠭᠦ ᠲᠦᠷᠪᠡᠨ ᠨᠤᠮ ᠤᠨ ᠰᠤᠳᠤᠯᠤᠨ ᠶᠠᠷᠢᠯᠴᠠᠬᠤ ᠬᠤᠷᠠᠯ ᠢ 2005 ᠤᠨ ᠤ 4 ᠰᠠᠷ᠎ᠠ ᠳᠤ ᠦᠪᠦᠷ ᠮᠤᠩᠭᠤᠯ ᠤᠨ ᠮᠤᠩᠭᠤᠯ ᠰᠤᠳᠤᠯᠤᠯ ᠤᠨ ᠬᠦᠷᠢᠶᠡᠯᠡᠩ᠂ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ︽ᠮᠤᠩᠭᠤᠯ ᠰᠤᠶᠤᠯ ᠤᠨ ᠴᠤᠪᠤᠷᠠᠯ ᠪᠢᠴᠢᠭ︾ ᠤᠨ ᠨᠠᠶᠢᠷᠠᠭᠤᠯᠬᠤ ᠺᠤᠮᠢᠰ ᠠᠴᠠ ᠡᠷᠬᠢᠯᠡᠨ ᠬᠦᠬᠡᠬᠤᠳᠠ ᠳᠤ ᠬᠢᠭᠰᠡᠨ ᠪᠠᠶᠢᠨ᠎ᠠ᠃ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠭᠰᠠᠨ ᠡᠷᠳᠡᠮᠳᠡᠳ᠂ ᠳ᠋᠊᠂ ᠴᠠᠭᠠᠨ ᠤ ︽ᠮᠤᠩᠭᠤᠯ ᠰᠤᠶᠤᠯ ᠤᠨ ᠴᠤᠪᠤᠷᠠᠯ ᠳᠤ ᠤᠷᠤᠭᠰᠠᠨ ᠲᠦᠷᠪᠡᠨ ᠨᠤᠮ︾ ᠤᠨ ᠲᠤᠬᠠᠢ ︽ᠨᠢᠬᠡ ᠳᠤ ᠮᠤᠩᠭᠤᠯ ᠰᠤᠶᠤᠯ᠂ ᠵᠠᠩ ᠦᠢᠯᠡ ᠶᠢᠨ ᠰᠤᠳᠤᠯᠤᠯ ᠤᠨ ᠤᠨᠴᠠᠯᠢᠭ ᠢ ᠰᠤᠷᠭᠤᠭ ᠢᠶᠠᠷ ᠲᠠᠨᠢᠵᠦ ᠰᠤᠳᠤᠯᠤᠭᠰᠠᠨ᠃ ᠬᠤᠶᠠᠷ ᠲᠤ ᠨᠠᠷᠢᠨ ᠰᠢᠰᠲ᠋ᠧᠮ ᠪᠤᠯᠭᠠᠨ ᠬᠤᠪᠢᠶᠠᠵᠦ᠂ ᠨᠢᠭᠡ ᠲᠦᠷᠦᠯ ᠳᠤ ᠪᠠᠭᠳᠠᠭᠠᠵᠦ ᠰᠤᠳᠤᠯᠤᠭᠰᠠᠨ᠂ ᠱᠠᠭ᠎ᠠ ᠰᠤᠳᠤᠯᠤᠯ᠂ ᠲᠡᠭᠡᠰᠦ ᠲᠠᠮᠤᠬᠤ ᠬᠡᠭᠦ ᠮᠡᠳᠦ ᠪᠠᠷ ᠨᠠᠷᠢᠨ ᠰᠡᠷᠭᠡᠭᠴᠢᠯᠡᠭᠦᠯᠦᠭᠰᠡᠨ ᠪᠦᠭᠡᠳ ᠰᠢᠰᠲ᠋ᠧᠮᠵᠢᠬᠦᠯᠤᠨ ᠰᠤᠳᠤᠯᠤᠭᠰᠠᠨ᠃ ᠭᠤᠷᠪᠠ ᠳᠤ ᠭᠡᠭᠡᠷ᠎ᠡ ᠶᠢᠨ ᠰᠢᠨᠵᠢᠯᠡᠯᠬᠡ ᠲᠠᠢ ᠤᠶᠠᠯᠳᠤᠭᠤᠯᠵᠦ ᠠᠩᠬᠠᠨ ᠤ ᠪᠤᠷᠤ ᠮᠠᠲ᠋ᠧᠷᠢᠶᠠᠯ ᠬᠤᠷᠠᠮᠳᠠᠭᠤᠯᠤᠭᠰᠠᠨ ᠰᠠᠭᠤᠷᠢᠨ ᠲᠡᠭᠡᠷ᠎ᠡ ᠰᠤᠳᠤᠯᠭᠠᠨ ᠤ ᠦᠷ᠎ᠡ ᠪᠦᠳᠦᠮᠵᠢ ᠲᠤᠪᠤᠶᠢᠮ᠎ᠠ ᠪᠤᠯᠤᠭᠰᠠᠨ᠃ ᠲᠦᠷᠪᠡ ᠳᠤ ᠡᠰᠢ ᠪᠠᠷᠢᠮᠳᠠ ᠲᠤᠳᠤᠷᠬᠠᠢ᠂ ᠡᠰᠢᠯᠡᠬᠦ ᠮᠠᠲ᠋ᠧᠷᠢᠶᠠᠯ ᠨᠢ ᠪᠤᠳᠠᠳᠠᠢ ᠤᠯᠤᠰ ᠤᠨ ᠭᠠᠳᠠᠭᠠᠳᠤ ᠲᠤᠳᠤᠭᠠᠳᠤ ᠶᠢᠨ ᠮᠠᠲ᠋ᠧᠷᠢᠶᠠᠯ ᠢ ᠶᠡᠭᠡ ᠬᠡᠮᠵᠢᠶ᠎ᠡ ᠪᠠᠷ ᠠᠰᠢᠭᠯᠠᠵᠦ ᠬᠦᠨᠵᠡᠭᠡᠢ ᠬᠠᠷᠢᠴᠠᠭᠤᠯᠤᠨ ᠰᠤᠳᠤᠯᠤᠭᠰᠠᠨ︾ ᠬᠡᠵᠦ᠂ ᠮᠤᠩᠭᠤᠯ ᠰᠤᠶᠤᠯ᠂ ᠵᠠᠩ ᠦᠢᠯᠡ᠂ ᠰᠤᠶᠤᠯ ᠡᠷᠭᠡᠨᠰᠢᠯ ᠤᠨ ᠬᠠᠷᠠᠭᠠᠰᠤ ᠠᠴᠠ ᠦᠨᠳᠦᠷ ᠦᠨᠡᠯᠡᠵᠦ᠂ ᠳ᠋᠊᠂ ᠴᠠᠭᠠᠨ ᠤ ︽ᠲᠦᠷᠪᠡᠨ ᠨᠤᠮ︾ ᠨᠢ ᠮᠤᠩᠭᠤᠯ ᠰᠤᠶᠤᠯ᠂ ᠤᠭᠰᠠᠭ᠎ᠠ ᠵᠦᠢ ᠶᠢᠨ ᠰᠤᠳᠤᠯᠤᠯ᠂ ᠰᠤᠶᠤᠯ ᠢᠷᠭᠡᠨᠰᠢᠯ ᠤᠨ ᠰᠤᠳᠤᠯᠤᠯ ᠤᠨ ᠦᠨᠳᠦᠷ ᠲᠦᠪᠰᠢᠨ ᠳᠤ ᠬᠦᠷᠦᠭᠰᠡᠨ ᠮᠦᠷᠳᠡᠭᠡᠨ ᠤᠭᠰᠠᠭ᠎ᠠ ᠵᠦᠢ᠂ ᠮᠤᠩᠭᠤᠯ ᠰᠤᠶᠤᠯ ᠤᠨ ᠵᠠᠷᠢᠮ ᠬᠤᠭᠤᠰᠤᠨ ᠢ ᠨᠦᠬᠦᠪᠦᠷᠢᠯᠡᠭᠰᠡᠨ ᠲᠤᠷᠪᠢᠳᠠᠢ ᠪᠦᠳᠦᠭᠡᠯ ᠭᠡᠵᠦ ᠰᠠᠨᠠᠯ ᠨᠢᠭᠡᠳᠡᠢ ᠦᠵᠡᠭᠰᠡᠨ ᠪᠢᠯᠡ᠃       ᠳ᠋᠊᠂ ᠴᠠᠭᠠᠨ 1984 ᠤᠨ ᠳᠤ ︽ᠪᠦᠬᠦ ᠤᠷᠤᠨ ᠤ ᠮᠤᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠬᠦᠨ ᠤ ᠬᠦᠪᠢ ᠬᠦᠮᠦᠨ︾ ᠢᠶᠠᠷ ᠱᠠᠩᠨᠠᠭᠳᠠᠪᠠ᠃ 1987 ᠤᠨ ᠳᠤ ᠲᠡᠭᠦᠨ ᠤ ︽ᠴᠢᠯᠠᠭᠤᠨ ᠰᠤᠶᠤᠯ︾ ᠬᠡᠮᠡᠬᠦ ᠨᠤᠮ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠪᠤᠳᠤᠭᠠᠷ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠦᠳᠦᠭᠡᠯ ᠤᠨ ᠱᠠᠩᠨᠠᠯ᠂ 2003 ᠤᠨ ᠳᠤ ︽ᠮᠤᠩᠭᠤᠯ ᠬᠦᠮᠦᠨ ᠤ ᠢᠵᠠᠭᠤᠷ ᠲᠤᠭᠯᠠᠭᠠᠮ — ᠱᠠᠭ᠎ᠠ︾ ᠬᠡᠬᠦ ᠨᠤᠮ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠯᠤᠳᠤᠭᠠᠷ ᠬᠤᠭᠤᠴᠠᠬᠠᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠭᠤᠷᠪᠠᠳᠤᠭᠠᠷ ᠲᠡᠰ ᠤᠨ ᠱᠠᠩᠨᠠᠯ ᠢ ᠲᠤᠰᠴᠠᠢ᠃ 2006 ᠤᠨ ᠳᠤ ︽ᠬᠠᠳᠠᠨ ᠳᠤ ᠰᠢᠩᠭᠡᠭᠰᠡᠨ ᠬᠠᠯᠠᠭᠤᠨ ᠠᠮᠢ︾ ᠪᠦᠳᠦᠭᠡᠯ ᠢᠶᠠᠷ ᠢᠶᠠᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠬᠠᠨ ᠤ ᠤᠳᠬ᠎ᠠ ᠵᠤᠬᠢᠶᠠᠯ ᠵᠤᠬᠢᠶᠠᠨ ᠪᠦᠳᠦᠭᠡᠯᠭᠡ ᠶᠢᠨ ︽ᠰᠤᠯᠤᠩᠭ᠎ᠠ︾ ᠱᠠᠩᠨᠠᠯ ᠢ ᠬᠦᠷᠳᠡᠵᠡᠢ᠃       ᠳ᠋᠊᠂ ᠴᠠᠭᠠᠨ᠂ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠬᠡᠰᠢᠬᠦᠨ᠂ ᠰᠢᠯᠢ ᠶᠢᠨ ᠭᠤᠤᠯ ᠠᠶᠢᠮᠠᠭ ᠤᠨ ᠠᠷᠠᠳ ᠤᠨ ᠤᠷᠠᠯᠢᠭᠴᠢᠳ ᠤᠨ ᠡᠪᠯᠡᠯ ᠤᠨ ᠲᠡᠷᠢᠬᠦᠯᠡᠭᠴᠢ᠂ ᠦᠪᠦᠷ ᠮᠤᠩᠭᠤᠯ ᠤᠨ ᠦᠨᠳᠦᠰᠦᠳᠡᠨ ᠤ ᠵᠠᠩ ᠦᠢᠯᠡ ᠶᠢᠨ ᠨᠡᠶᠢᠭᠡᠮᠯᠢᠭ ᠤᠨ ᠬᠡᠰᠢᠭᠦᠨ᠂ ᠦᠪᠦᠷ ᠮᠤᠩᠭᠤᠯ ᠤᠨ ᠵᠤᠬᠢᠶᠠᠯᠴᠢᠳ ᠤᠨ ᠨᠡᠶᠢᠭᠡᠮᠯᠢᠭ ᠤᠨ ᠬᠡᠰᠢᠭᠦᠨ᠂ ᠦᠪᠦᠷ ᠮᠤᠩᠭᠤᠯ ᠤᠨ ᠠᠷᠠᠳ ᠤᠨ ᠤᠷᠠᠯᠢᠭᠴᠢᠳ ᠤᠨ ᠡᠪᠯᠡᠯ ᠤᠨ ᠬᠡᠰᠢᠬᠦᠨ᠂ ᠦᠪᠦᠷ ᠮᠤᠩᠭᠤᠯ ᠤᠨ ᠮᠦᠽᠸᠢ ᠰᠤᠳᠤᠯᠤᠯ ᠤᠨ ᠨᠡᠶᠢᠭᠡᠮᠯᠢᠭ ᠤᠨ ᠬᠡᠰᠢᠭᠦᠨ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠫᠷᠤᠹᠧᠰᠰᠤᠷ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠵᠤᠴᠢᠨ ᠫᠷᠤᠹᠧᠰᠰᠤᠷ᠂᠂᠂᠂᠂᠂᠂᠂ ᠵᠡᠷᠭᠡ ᠨᠡᠶᠢᠭᠡᠮ ᠤᠨ ᠲᠤᠰᠢᠶᠠᠯ ᠲᠠᠢ᠃
 
ᠢᠷᠡᠯᠲᠡ᠄ ᠠᠯᠲᠠᠨᠰᠤᠪᠤᠳ ᠠᠴᠠ ᠬᠠᠩᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号