ᠰᠦᠨᠢᠳ ᠮᠦᠽᠸᠢ
ᠨᠡᠶᠢᠲᠡᠯᠡᠭᠰᠡᠨ ᠴᠠᠭ᠄
2010/9/26
  ᠰᠦᠨᠢᠳ ᠮᠦᠽᠸᠢ               ᠰᠦᠨᠢᠳ ᠮᠦᠽᠸᠢ ᠨᠢ 2010 ᠤᠨ ᠤ 8 ᠰᠠᠷ᠎ᠠ ᠶᠢᠨ 1᠎ ᠠᠴᠠ ᠡᠬᠢᠯᠡᠨ ᠨᠡᠭᠡᠭᠳᠡᠭᠰᠡᠨ ᠰᠢᠯᠢ ᠶᠢᠨ ᠭᠤᠤᠯ ᠠᠶᠢᠮᠠᠭ ᠲᠠᠭᠠᠨ  ᠬᠦᠷᠢᠶ᠎ᠡ ᠬᠡᠪᠴᠢᠶ᠎ᠡ ᠪᠠᠷ ᠬᠠᠮᠤᠭ ᠶᠡᠭᠡ ᠬᠤᠰᠢᠭᠤ ᠲᠡᠰ ᠤᠨ ᠮᠦᠽᠸᠢ ᠶᠤᠮ᠃ ᠲᠡᠷᠡ ᠨᠢ ᠦᠪᠡᠷᠮᠢᠴᠡ ᠭᠤᠶᠢᠳᠠ ᠲᠡᠯᠬᠡᠨ ᠦᠵᠡᠬᠦᠯᠦᠯᠬᠡ ᠡᠯᠪᠡᠭ ᠪᠠᠶᠠᠯᠢᠭ ᠤᠳᠬ᠎ᠠ ᠠᠭᠤᠯᠭ᠎ᠠ ᠎ ᠪᠠᠷ ᠢᠶᠠᠨ ᠦᠨᠳᠦᠰᠦ ᠬᠦᠨ᠂ ᠰᠤᠷᠪᠤᠯᠵᠢ ᠤᠷᠳᠦ᠂ ᠰᠦᠨᠢᠳ ᠰᠤᠶᠤᠯ ᠢ ᠪᠤᠰᠤᠭᠠᠯᠵᠢᠨ ᠲᠦᠷᠬᠦ᠂ ᠪᠤᠳᠠᠳᠦ ᠬᠡᠯᠪᠡᠷᠢ ᠪᠠᠷ ᠢᠯᠡᠷᠡᠬᠦᠯᠵᠦ ᠂ ᠲᠠᠶᠠᠩ ᠳᠤ ᠲᠠᠨᠢᠭᠤᠯᠭᠤ ᠲᠡᠷᠡ ᠬᠡᠬᠡᠪᠴᠢ ᠪᠤᠯᠤᠨ᠎ᠠ᠃ ᠰᠦᠨᠢᠳ ᠮᠦᠽᠸᠢ ᠶᠢᠨ ᠦᠵᠡᠬᠦᠯᠦᠯᠬᠡ ᠨᠢ ᠰᠦᠨᠢᠳ ᠤᠨ ᠲᠡᠤᠬᠡ ᠪᠠᠷ ᠰᠢᠵᠢᠮ ᠪᠤᠯᠭᠠᠨ ᠵᠠᠩ ᠦᠢᠯᠡ ᠶᠢᠨ ᠰᠤᠶᠤᠯ ᠢᠶᠠᠷ ᠭᠤᠤᠯᠯᠠᠵᠦ᠂ ᠬᠤᠪᠤᠷ ᠨᠠᠨᠳᠢᠨ ᠲᠡᠤᠬᠡ ᠶᠢᠨ ᠲᠤᠷᠠᠰᠬᠠᠯᠳᠦ ᠵᠦᠢᠯ ᠢᠶᠠᠨ ᠨᠢᠷᠤᠭᠤᠪᠴᠢᠯᠠᠨ ᠦᠩᠭᠡᠷᠡᠭᠰᠡᠨ ᠲᠡᠤᠬᠡ ᠡᠳᠦᠬᠡᠬᠢ ᠶᠢᠨ ᠬᠦᠭᠵᠢᠯ᠂ ᠠᠷᠠᠳ ᠤᠨ ᠵᠠᠩ ᠵᠠᠩᠰᠢᠯ ᠡᠷᠳᠡᠨ ᠪᠠ ᠤᠳᠤ ᠦᠶ᠎ᠡ ᠶᠢᠨ ᠰᠤᠶᠤᠯ ᠬᠡᠬᠦ ᠲᠦᠷᠪᠡᠨ ᠶᠡᠭᠡ ᠲᠢᠩᠬᠢᠮ ᠳᠤ ᠠᠩᠬᠢᠯᠠᠭᠳᠠᠵᠦ ᠪᠠᠶᠢᠨ᠎ᠠ᠃ ᠰᠦᠨᠢᠳ ᠮᠦᠽᠸᠢ ᠪᠤᠯ ᠤᠯᠠᠨ ᠨᠡᠶᠢᠳᠡ ᠳᠤ ᠬᠠᠨᠳᠤᠯᠭ᠎ᠠ ᠲᠠᠢ ᠦᠷᠬᠡᠨ ᠬᠡᠷᠡᠭᠴᠡᠬᠡᠳᠦ ᠮᠦᠽᠸᠢ ᠪᠠᠶᠢᠵᠦ᠂ ᠶᠡᠷᠦᠩᠬᠡᠢ ᠪᠡᠯᠡ ᠤᠷᠤᠭᠤᠯᠤᠯᠳᠠ 2100 ᠲᠦᠮᠡᠨ ᠲᠦᠬᠦᠷᠢᠭ ᠢ ᠲᠠᠪᠠᠵᠦ᠂ ᠪᠦᠳᠦᠬᠡᠨ ᠪᠠᠶᠢᠭᠤᠯᠤᠯᠳᠠ ᠶᠢᠨ ᠪᠦᠬᠦ ᠲᠠᠯᠠᠪᠠᠢ ᠨᠢ 10793 ᠲᠡᠭᠰᠢ ᠲᠦᠷᠪᠡᠯᠵᠢᠨ ᠮᠧᠲᠷ᠂ ᠡᠬᠦᠨ ᠳᠤ ᠮᠦᠽᠸᠢ ᠶᠢᠨ ᠲᠠᠯᠠᠪᠠᠢ ᠨᠢ 5793 ᠲᠡᠭᠰᠢ ᠲᠦᠷᠪᠡᠯᠵᠢᠨ ᠮᠧᠲᠷ ᠪᠠᠶᠢᠵᠦ᠂ ᠦᠵᠡᠬᠦᠯᠦᠯᠬᠡ ᠎ ᠨᠢ ᠰᠢᠨ᠎ᠡ ᠰᠤᠷᠭᠤᠭ ᠤᠳᠬ᠎ᠠ ᠰᠡᠳᠦᠪ ᠬᠢᠬᠡᠳ ᠤᠨᠤᠪᠴᠢᠳᠠᠢ ᠬᠠᠷᠠᠭᠠᠰᠤ ᠠᠴᠠ ᠤᠯᠠᠭᠠᠨ ᠢᠳᠡᠭᠡ᠂ ᠲᠠᠮᠠᠭ᠎ᠠ᠂ ᠱᠠᠭ᠎ᠠ ᠨᠠᠭᠠᠳᠤᠮ᠂ ᠲᠡᠭᠡᠰᠦ ᠤᠷᠠᠯᠠᠯ᠂ ᠬᠠᠳᠠᠨ ᠵᠢᠷᠤᠭ᠂ ᠴᠢᠯᠠᠭᠤᠨ ᠪᠠᠭᠠᠵᠢ ᠵᠡᠪᠰᠡᠭ᠂ ᠬᠤᠪᠴᠠᠰᠦ ᠵᠠᠰᠠᠯ ᠵᠡᠷᠬᠡ ᠶᠢ ᠲᠤᠰᠬᠠᠢ ᠰᠡᠳᠦᠪ ᠢᠶᠠᠷ ᠠᠩᠬᠢᠯᠠᠨ᠂ ᠵᠠᠩ ᠦᠢᠯᠡ ᠶᠢᠨ ᠰᠤᠶᠤᠯ ᠬᠡᠮᠡᠬᠦ ᠶᠡᠭᠡ ᠰᠡᠳᠦᠪ ᠢᠶᠠᠷ ᠬᠡᠯᠬᠢᠵᠦ᠂ ᠰᠦᠨᠢᠳ ᠤᠨ ᠲᠠᠯ᠎ᠠ ᠨᠤᠳᠤᠭ ᠤᠨ ᠠᠵᠦ ᠠᠮᠢᠳᠤᠷᠠᠯ ᠤᠨ ᠲᠡᠤᠬᠡ ᠶᠢ ᠠᠩᠬ᠎ᠠ ᠤᠳᠠᠭ᠎ᠠ ᠴᠤᠭᠴᠠᠭᠤᠯᠤᠨ ᠲᠦᠪᠯᠡᠷᠡᠬᠦᠯᠵᠦ ᠬᠠᠷᠠᠭᠤᠯᠤᠭᠰᠠᠨ ᠪᠠᠶᠢᠨ᠎ᠠ  ᠃ ᠰᠤᠶᠤᠯ ᠤᠨ ᠤᠷᠳᠦᠨ ᠤ ᠪᠠᠷᠢᠯᠭ᠎ᠠ ᠶᠢᠨ ᠲᠠᠯᠠᠪᠠᠢ 1800 ᠲᠡᠭᠰᠢ ᠲᠦᠷᠪᠡᠯᠵᠢᠨ ᠮᠧᠲᠷ᠂ ᠨᠤᠮ ᠤᠨ ᠰᠠᠩ ᠤᠨ ᠪᠠᠷᠢᠯᠭ᠎ᠠ ᠶᠢᠨ ᠲᠠᠯᠠᠪᠠᠢ 1800 ᠲᠡᠭᠰᠢ ᠲᠦᠷᠪᠡᠯᠵᠢᠨ ᠮᠧᠲᠷ ᠪᠠᠶᠢᠵᠦ᠂  ᠤᠯᠠᠨ ᠬᠡᠷᠡᠭᠯᠡᠬᠡᠨᠳᠦ ᠲᠢᠩᠬᠢᠮ ᠤᠨ ᠪᠠᠷᠢᠯᠭ᠎ᠠ ᠶᠢᠨ ᠲᠠᠯᠠᠪᠠᠢ 1400 ᠲᠡᠭᠰᠢ ᠲᠦᠷᠪᠡᠯᠵᠢᠨ ᠮᠧᠲᠷ ᠪᠤᠯᠤᠨ᠎ᠠ᠃ ᠰᠦᠨᠢᠳ ᠤᠨ ᠦᠨᠢ ᠤᠳᠠᠭᠠᠨ ᠦᠨᠳᠦᠰᠦᠳᠡᠨ ᠤ ᠲᠡᠤᠬᠡ ᠰᠤᠶᠤᠯ ᠢ ᠰᠢᠨ᠎ᠡ ᠴᠢᠯᠠᠭᠤᠨ ᠵᠡᠪᠰᠡᠭ ᠤᠨ ᠦᠶ᠎ᠡ ᠠᠴᠠ ᠡᠬᠢᠯᠡᠨ ᠦᠨᠦ ᠬᠦᠷᠳᠡᠯᠡᠬᠢ ᠲᠦᠮᠡ ᠭᠠᠷᠤᠢ ᠵᠢᠯ ᠤᠨ ᠲᠡᠤᠬᠡ ᠪᠠᠷ ᠰᠢᠵᠢᠮᠯᠡᠨ ᠬᠤᠯᠪᠤᠵᠦ᠂ ᠤᠯᠠᠨ ᠤ ᠬᠠᠷᠠᠭᠠᠨ᠎ᠠ ᠲᠡᠪᠰᠢᠬᠦᠯᠦᠭᠰᠨᠨ ᠪᠠᠶᠢᠨ᠎ᠠ᠃       ᠰᠦᠨᠢᠳ ᠮᠦᠽᠸᠢ ᠠᠴᠠ ᠬᠦᠮᠦᠰ ᠰᠦᠨᠢᠳ ᠮᠤᠩᠭᠤᠯᠴᠤᠳ ᠤᠨ ᠡᠬᠦᠳᠡᠨ ᠪᠦᠳᠦᠬᠡᠭᠰᠡᠨ ᠤᠷᠤᠨ ᠨᠤᠳᠤᠭ ᠤᠨ ᠦᠪᠡᠷᠮᠢᠴᠡ ᠣᠨᠴᠠᠯᠢᠭ ᠪᠦᠬᠦᠢ ᠰᠤᠶᠤᠯ ᠵᠢᠴᠢ ᠲᠡᠳᠡᠨ ᠤ ᠡᠷᠡᠯᠬᠡᠭ ᠵᠢᠪᠬᠤᠭ᠎ᠠ᠂ ᠡᠷᠳᠡᠮ ᠪᠢᠯᠢᠭ ᠢᠶᠠᠨ ᠪᠠᠳᠠᠷᠠᠭᠤᠯᠤᠨ᠂ ᠬᠢᠯᠢ ᠬᠢᠵᠠᠭᠠᠷ ᠤᠷᠤᠨ ᠢᠶᠠᠨ ᠪᠦᠳᠦᠬᠡᠨ ᠪᠠᠶᠢᠭᠤᠯᠵᠦ᠂ ᠡᠬᠡ ᠤᠯᠤᠰ ᠤᠨ ᠢᠶᠠᠨ ᠡᠪ ᠨᠢᠬᠡᠳᠦᠯ ᠢ ᠬᠠᠮᠠᠭᠠᠯᠠᠨ ᠤᠷᠤᠭᠰᠢ ᠲᠠᠪᠰᠢᠬᠤ ᠠᠤᠭ᠎ᠠ ᠶᠡᠭᠡ ᠵᠤᠷᠢᠭ ᠰᠠᠨᠠᠭ᠎ᠠ ᠶᠢ ᠤᠯᠵᠦ ᠬᠠᠷᠠᠬᠤ ᠪᠤᠯᠤᠨ᠎ᠠ᠃ ᠰᠦᠨᠢᠳ ᠮᠦᠽᠸᠢ ᠨᠢ ᠰᠦᠨᠢᠳ ᠤᠨ ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠤᠯᠪᠠᠰᠤᠨ ᠢ ᠰᠤᠳᠤᠯᠤᠨ ᠬᠠᠮᠠᠭᠠᠯᠠᠬᠤ ᠪᠤᠯᠤᠨ ᠰᠦᠨᠢᠳ ᠰᠤᠶᠤᠯ ᠤᠨ ᠪᠦᠳᠦᠬᠡᠨ ᠪᠠᠶᠢᠭᠤᠯᠤᠯᠳᠠ ᠪᠤᠯᠤᠨ ᠬᠦᠭᠵᠢᠯᠳᠡ ᠳᠤ ᠴᠢᠬᠤᠯᠠ ᠲᠦᠯᠬᠢᠴᠡ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号