ᠴᠠᠭᠠᠨ ᠬᠡᠬᠡᠨ  — ᠵᠡᠮᠢᠶᠡᠯᠢᠭᠰᠢᠳᠵᠠᠮᠰᠦ ᠶᠢᠨ ᠲᠤᠪᠴᠢ ᠨᠠᠮᠳᠠᠷ
ᠨᠡᠶᠢᠲᠡᠯᠡᠭᠰᠡᠨ ᠴᠠᠭ᠄
2010/9/28
             ᠴᠠᠭᠠᠨ ᠬᠡᠬᠡᠨ  — ᠵᠡᠮᠢᠶᠡᠯᠢᠭᠰᠢᠳᠵᠠᠮᠰᠦ ᠶᠢᠨ ᠲᠤᠪᠴᠢ ᠨᠠᠮᠳᠠᠷ      ᠴᠠᠭᠠᠨ ᠬᠡᠬᠡᠨ ᠪᠤᠯ ᠴᠠᠭᠠᠨ ᠤᠪᠤᠭ᠎ᠠ ᠰᠦᠮ᠎ᠡ ᠶᠢᠨ ᠲᠠᠪᠤᠳᠤᠭᠠᠷ ᠲᠦᠷᠢ ᠶᠢᠨ ᠬᠡᠬᠡᠨ · ᠤᠭ ᠨᠡᠷ᠎ᠡ ᠨᠢ ᠵᠡᠮᠢᠶᠡᠯᠢᠭᠰᠢᠳᠵᠠᠮᠰᠦ᠃       1887 ᠤᠨ ᠤ 10 ᠰᠠᠷ᠎ᠠ 3᠎ ᠳᠤ ᠰᠦᠨᠢᠳ ᠵᠡᠬᠦᠨ ᠭᠠᠷ ᠤᠨ ᠬᠤᠰᠢᠭᠤᠨ ᠤ ᠶᠡᠭᠡ ᠴᠠᠭᠠᠨ ᠰᠤᠮᠤᠨ ᠤ ᠬᠤᠨᠭ᠍ᠭᠤᠷ ᠤᠪᠤᠭᠠᠨ ᠤ ᠤᠷᠤ ᠳᠤ ᠬᠠᠷ᠎ᠠ ᠲᠡᠰ ᠬᠡᠰᠡᠨ ᠭᠠᠵᠠᠷ ᠡᠬᠡ ᠨᠠᠮᠠᠪᠷᠠᠢ ᠶᠢᠨ ᠬᠦᠤ ᠪᠤᠯᠤᠨ ᠵᠠᠶᠠᠭᠠᠵᠠᠢ᠃       1891 ᠤᠨ ᠳᠤ᠂ ᠴᠠᠭᠠᠨ ᠤᠪᠤᠭ᠎ᠠ ᠰᠦᠮ᠎ᠡ ᠶᠢᠨ ᠲᠦᠷᠪᠡᠳᠦᠭᠡᠷ ᠲᠦᠷᠢ ᠶᠢᠨ ᠬᠡᠭᠡᠨ ᠵᠠᠮᠪᠠᠵᠠᠮᠰᠤ ᠶᠢᠨ ᠬᠤᠪᠢᠯᠭᠠᠨ ᠲᠠᠪᠤᠳᠤᠭᠠᠷ ᠲᠦᠷᠢ ᠶᠢᠨ ᠭᠡᠭᠡᠨ ᠢᠶᠠᠷ ᠲᠠᠪᠤᠨ ᠨᠠᠰᠤᠨ ᠳᠠᠭᠠᠨ ᠴᠠᠭᠠᠨ ᠤᠪᠤᠭ᠎ᠠ ᠰᠦᠮ᠎ᠡ ᠳᠤ ᠵᠠᠯᠠᠭᠳᠠᠵᠠᠢ᠃       1891 — 1901 ᠤᠨ ᠬᠦᠷᠳᠡᠯ᠎ᠡ ᠴᠠᠭᠠᠨ ᠤᠪᠤᠭ᠎ᠠ ᠰᠦᠮ᠎ᠡ ᠶᠢᠨ ᠬᠡᠭᠡᠨ ᠯᠠᠪᠷᠦ᠋ᠡᠭ ᠳᠠᠭᠠᠨ ᠨᠠᠭᠰᠢ ᠡᠷᠳᠡᠨᠢᠰᠠᠩᠵᠠᠪ ᠤᠨ ᠭᠠᠷ ᠲᠡᠭᠡᠷ᠎ᠡ ᠮᠤᠩᠭᠤᠯ ᠲᠦᠪᠡᠳ ᠨᠤᠮ ᠰᠣᠷᠴᠦ᠂ ᠱᠠᠰᠢᠨ ᠤ ᠨᠤᠮ ᠰᠣᠷᠣᠯᠴᠠᠨ ᠰᠦᠮ᠎ᠡ ᠳᠡᠭᠡᠨ ᠰᠠᠭᠤᠪᠠ᠃       1906 ᠤᠨ ᠳᠤ ᠪᠤᠭᠳᠠ ᠶᠢᠨ ᠬᠦᠷᠢᠶᠡᠨ ᠳᠤ ᠠᠷᠪᠠᠨ ᠭᠤᠷᠪᠠᠳᠤᠭᠠᠷ ᠲᠦᠷᠢ ᠶᠢᠨ ᠲᠠᠯᠠᠢ ᠪᠤᠭᠳᠠ ᠲᠠᠢ ᠠᠭᠤᠯᠵᠠᠵᠦ᠂ ᠺᠠᠮᠪᠤ ᠶᠢᠨ ᠬᠡᠷᠭᠡᠮ ᠬᠦᠷᠳᠡᠪᠡᠢ᠃ ᠲᠤᠰ ᠵᠢᠯ ᠳᠡᠭᠡᠨ ᠬᠦᠬᠡᠨᠠᠭᠤᠷ ᠮᠤᠵᠢ ᠶᠢᠨ ᠬᠦᠮᠪᠦᠮ ᠬᠡᠶᠢᠳ ᠢᠶᠠᠷ ᠶᠠᠪᠤᠵᠦ ᠮᠦᠷᠬᠦᠯ ᠬᠢᠵᠦ ᠨᠤᠮ ᠪᠢᠰᠢᠯᠭᠠᠪᠠᠢ᠃       1907 ᠤᠨ ᠳᠤ ᠯᠾᠠᠰᠠ ᠬᠡᠶᠢᠳ ᠲᠤ ᠬᠦᠷᠴᠦ᠂ ᠲᠠᠯᠠᠢ ᠪᠤᠭᠳᠠ ᠠᠴᠠ ᠤᠯᠠᠭᠠᠨ ᠵᠠᠯᠠᠭ᠎ᠠ ᠬᠦᠷᠳᠡᠵᠦ᠂ ᠴᠤᠷᠵᠢ ᠺᠠᠮᠪᠤ ᠶᠢᠨ ᠴᠤᠯᠠ ᠡᠷᠬᠦᠮᠵᠢᠯᠡᠭᠳᠡᠪᠡᠢ᠃       1947 ᠤᠨ ᠳᠤ ᠮᠤᠩᠭᠤᠯ ᠤᠯᠤᠰ ᠤᠨ ᠤᠷᠢᠯᠭ᠎ᠠ ᠪᠠᠷ᠂ ᠮᠤᠩᠭᠤᠯ ᠤᠯᠤᠰ ᠤᠨ ᠤᠯᠤᠰ ᠤᠨ ᠪᠠᠶᠠᠷ ᠲᠤ ᠤᠷᠤᠯᠴᠠᠵᠦ᠂ ᠮᠠᠷᠱᠠᠯ ᠴᠣᠶᠢᠪᠠᠯᠰᠠᠩ ᠲᠠᠢ ᠠᠭᠤᠯᠵᠠᠵᠠᠢ᠃ ᠲᠤᠰ ᠵᠢᠯ ᠳᠤ ᠴᠠᠭᠠᠨ ᠬᠡᠭᠡᠨ 61 ᠨᠠᠰᠤᠨ ᠤ ᠶᠡᠭᠡ ᠨᠠᠶᠢᠷ ᠬᠢᠵᠠᠢ᠃ ᠮᠦᠨ ᠲᠤᠰ ᠵᠢᠯ ᠳᠤ ᠴᠠᠭᠠᠨ ᠬᠡᠭᠡᠨ ᠦᠪᠦᠷ ᠮᠤᠩᠭᠤᠯ ᠤᠨ ᠠᠷᠠᠳ ᠤᠨ ᠬᠤᠷᠠᠯ ᠤᠨ ᠬᠡᠰᠢᠬᠦᠨ ᠢᠶᠠᠷ ᠰᠤᠩᠭᠤᠭᠳᠠᠪᠠ᠃       1949 ᠤᠨ ᠤ 9 ᠰᠠᠷ᠎ᠠ ᠳᠤ ᠴᠠᠭᠠᠨ ᠭᠡᠭᠡᠨ ᠤᠯᠠᠭᠠᠨᠬᠦᠦ ᠨᠦᠬᠦᠷ ᠲᠠᠢ ᠬᠠᠮᠳᠦ ᠪᠡᠭᠡᠵᠢᠩ ᠳᠤ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠳᠤ ᠤᠷᠤᠯᠴᠠᠵᠦ᠂ ᠲᠡᠷᠢᠬᠦᠯᠡᠭᠴᠢ ᠮᠠᠤ ᠽᠧ ᠳ᠋ᠦᠡᠭ ᠤᠨ ᠶᠠᠷᠢᠶ᠎ᠠ ᠶᠢ ᠰᠤᠨᠤᠰᠴᠠᠢ᠃ ᠮᠦᠨ ᠲᠢᠶᠠᠨ ᠠᠨ ᠮᠧᠨ ᠲᠠᠯᠠᠪᠠᠢ ᠳᠤ ᠠᠷᠠᠳ ᠤᠨ ᠪᠠᠭᠠᠳᠤᠷᠴᠤᠳ ᠤᠨ ᠲᠤᠷᠠᠰᠬᠠᠯ ᠤᠨ ᠰᠤᠪᠤᠷᠭ᠎ᠠ ᠶᠢᠨ ᠰᠠᠭᠤᠷᠢ ᠲᠠᠯᠪᠢᠬᠤ ᠶᠤᠰᠤᠯᠠᠯ ᠳᠤ ᠤᠷᠤᠯᠴᠠᠪᠠ᠃      1951 ᠤᠨ ᠤ 3 ᠰᠠᠷ᠎ᠠ ᠶᠢᠨ ᠲᠤᠯᠤᠭᠠᠨ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠯᠠᠮ᠎ᠠ ᠶᠢᠨ ᠱᠠᠰᠢᠨ ᠤ ᠠᠩᠬᠠᠳᠤᠭᠠᠷ ᠤᠳᠠᠭᠠᠨ ᠤ ᠲᠦᠯᠦᠬᠡᠯᠡᠭᠴᠢ ᠶᠢᠨ ᠬᠤᠷᠠᠯ ᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠷ ᠴᠠᠭ ᠤᠨ ᠰᠠᠭᠤᠭ᠎ᠠ ᠵᠠᠩ ᠵᠢᠶᠠ ᠺᠸᠣ ᠳᠤ ᠬᠢᠵᠠᠢ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠯᠠᠮ᠎ᠠ ᠶᠢᠨ ᠲᠠᠪᠬᠤᠷᠭᠠᠳᠠᠨ ᠤ ᠠᠮᠧᠷᠢᠺᠠ ᠶᠢ ᠡᠰᠡᠷᠬᠦᠴᠡᠨ ᠰᠤᠯᠤᠩᠭᠤᠰ ᠢ ᠲᠤᠰᠠᠯᠠᠬᠤ ᠲᠦᠯᠦᠬᠡᠯᠡᠭᠴᠢ ᠶᠢᠨ ᠬᠤᠷᠠᠯ︾ ᠪᠤᠯᠤᠨ᠎ᠠ᠃ ᠬᠤᠷᠠᠯᠳᠤᠭᠠᠨ ᠳᠤ ᠬᠦᠯᠦᠨ ᠪᠤᠶᠢᠷ ᠤᠨ ᠭᠭᠠᠯᠰᠠᠩ ᠬᠡᠬᠡᠨ᠂ ᠤᠰᠤᠷ ᠳ᠋ᠠ ᠯᠠᠮ᠎ᠠ᠂ ᠬᠢᠨᠭ᠍ᠭᠠᠨ ᠠᠶᠢᠮᠠᠭ ᠤᠨ ᠮᠠᠶᠢᠳᠠᠷ ᠬᠡᠭᠡᠨ᠂ ᠰᠢᠯᠢ ᠶᠢᠨ ᠭᠤᠤᠯ ᠤᠨ ᠴᠠᠭᠠᠨ ᠬᠡᠭᠡᠨ᠂ ᠵᠤᠤ ᠤᠳᠠ ᠠᠶᠢᠮᠠᠭ᠂ ᠴᠠᠬᠠᠷ ᠠᠶᠢᠮᠠᠭ ᠤᠨ ᠬᠡᠭᠡᠨ ᠬᠤᠪᠢᠯᠭᠠᠨ᠂ ᠯᠠᠮ᠎ᠠ ᠨᠡᠶᠢᠳᠡ 19 ᠬᠦᠮᠦᠨ ᠤᠷᠤᠯᠴᠠᠵᠠᠢ᠃       1954 ᠤᠨ ᠳᠤ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠶᠠᠳᠤᠭᠠᠷ ᠬᠤᠭᠤᠴᠠᠭᠠᠨ ᠤ ᠬᠤᠷᠠᠯ ᠪᠡᠬᠡᠵᠢᠩ ᠳᠤ ᠬᠢᠪᠡ᠃ ᠴᠠᠭᠠᠨ ᠬᠡᠬᠡᠨ ᠬᠤᠶᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠢᠶᠠᠷ ᠬᠤᠷᠠᠯ ᠳᠤ ᠤᠷᠤᠯᠴᠠᠨ᠂ ᠦᠪᠦᠷ ᠮᠤᠩᠭᠤᠯ ᠤᠨ ᠱᠠᠰᠢᠨ ᠤ ᠡᠳᠡᠬᠡᠳ ᠢ ᠲᠦᠯᠦᠬᠡᠯᠡᠵᠦ᠂ ᠶᠡᠭᠡ ᠬᠤᠷᠠᠯ ᠲᠡᠭᠡᠷ᠎ᠡ ᠶᠠᠷᠢᠶ᠎ᠠ ᠬᠢᠪᠡ᠃       1954 ᠤᠨ ᠳᠤ ᠴᠠᠭᠠᠨ ᠬᠡᠬᠡᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ᠂ ᠰᠢᠯᠢ ᠶᠢᠨ ᠭᠤᠤᠯ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ᠂ ᠰᠦᠨᠢᠳ ᠵᠡᠬᠦᠨ ᠬᠤᠰᠢᠭᠤᠨ ᠤ ᠠᠷᠠᠳ ᠤᠨ ᠲᠦᠯᠦᠭᠡᠯᠡᠭᠴᠢ ᠪᠤᠯᠪᠠ᠃       1955 ᠤᠨ ᠳᠤ ᠴᠠᠭᠠᠨ ᠭᠡᠭᠡᠨ ᠲᠦᠪ ᠤᠨ ᠲᠠᠷᠤᠭ᠎ᠠ ᠵᠤᠤ ᠹᠦ᠋ ᠴᠦ᠋ ᠶᠢᠨ ᠲᠤᠮᠢᠯᠠᠯᠳᠠ ᠪᠠᠷ ᠲᠤᠰᠠᠬᠠᠢ ᠡᠭᠦᠷᠭᠡ ᠬᠦᠯᠢᠶᠡᠵᠦ᠂ ᠲᠦᠪᠡᠳ ᠤᠷᠤᠨ᠂ ᠬᠦᠮᠪᠦᠨ᠂ ᠬᠦᠮᠪᠦᠯᠦᠨ ᠵᠢᠴᠢ ᠬᠦᠬᠡᠨᠠᠭᠤᠷ ᠤᠨ ᠯᠠᠪᠷᠤᠩ ᠬᠡᠶᠢᠳ ᠵᠡᠷᠭᠡ ᠭᠠᠵᠠᠷ ᠤᠷᠤᠨ ᠢᠶᠠᠷ ᠠᠶᠠᠯᠠᠨ ᠶᠠᠪᠤᠵᠦ᠂ ᠤᠯᠠᠨ ᠲᠡᠬᠡᠳᠦ ᠲᠠᠪᠭᠤᠷᠭᠠᠳᠠᠨ ᠨᠠᠷ ᠲᠠᠢ ᠠᠭᠤᠯᠵᠠᠵᠦ ᠨᠠᠮ ᠤᠨ ᠱᠠᠰᠢᠨ ᠤ ᠲᠦᠷᠦ ᠶᠢᠨ ᠪᠤᠳᠤᠯᠭ᠎ᠠ ᠶᠢ ᠤᠬᠠᠭᠤᠯᠵᠦ᠂ ᠲᠠᠳᠠᠨ ᠠᠪᠬᠤ ᠠᠵᠢᠯ ᠬᠢᠪᠠ᠃ ᠬᠠᠮᠳᠦ ᠶᠠᠪᠤᠭᠰᠠᠨ ᠬᠦᠮᠦᠨ ᠎ ᠨᠢ ᠲᠠᠰᠢᠴᠡᠷᠡᠨ᠃       1956 ᠤᠨ ᠳᠤ ᠴᠠᠭᠠᠨ ᠭᠡᠭᠡᠨ᠂ ᠭᠠᠯᠰᠠᠩ ᠬᠡᠭᠡᠨ᠂ ᠮᠡᠷᠭᠡᠨ ᠬᠡᠭᠡᠨ ᠲᠦᠷᠬᠦᠤ ᠲᠠᠢ 17 ᠬᠦᠮᠦᠨ ᠦᠪᠦᠷ ᠮᠤᠩᠭᠤᠯ ᠤᠨ ᠪᠤᠳ᠋ᠳ᠋ᠾᠠ ᠶᠢᠨ ᠱᠠᠰᠢᠨ ᠤ ᠨᠡᠶᠢᠬᠡᠮᠯᠢᠭ ᠢ ᠪᠠᠶᠢᠭᠤᠯᠬᠤ ᠶᠢ ᠰᠠᠨᠠᠭᠠᠴᠢᠯᠠᠪᠠ᠃ ᠠᠷᠪᠠᠨ ᠰᠠᠷ᠎ᠠ ᠳᠤ ᠴᠠᠭᠠᠨ ᠬᠡᠭᠡᠨ᠂ ᠭᠠᠯᠰᠠᠩ ᠤᠨ ᠬᠡᠬᠡᠨ ᠲᠦᠷᠦᠬᠦᠤ ᠲᠠᠢ ᠲᠠᠪᠤᠨ ᠬᠦᠮᠦᠨ ᠢᠶᠠᠷ ᠪᠦᠷᠢᠯᠳᠦᠭᠰᠡᠨ ᠪᠡᠯᠡᠳᠬᠡᠯ ᠵᠦᠪᠯᠡᠯ ᠪᠠᠶᠢᠭᠤᠯᠤᠭᠳᠠᠵᠦ ᠠᠵᠢᠯ ᠢᠶᠠᠨ ᠡᠬᠢᠯᠡᠬᠦᠯᠵᠡᠢ᠃       1957 ᠤᠨ ᠤ 4 ᠰᠠᠷ᠎ᠠ ᠶᠢᠨ 12᠎ ᠤ ᠡᠳᠦᠷ ᠬᠦᠬᠡᠬᠤᠳᠠᠨ᠎ᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠤᠳ᠋ᠳ᠋ᠾᠠ ᠶᠢᠨ ᠱᠠᠰᠢᠨ ᠤ ᠨᠡᠶᠢᠬᠡᠮᠯᠢᠭ ᠤᠨ ᠨᠡᠷ᠎ᠡ ᠬᠦᠨᠳᠦᠳᠦ ᠲᠡᠷᠢᠬᠦᠯᠡᠭᠴᠢ ᠪᠠᠷ ᠰᠤᠩᠭᠤᠭᠳᠠᠪᠠ       1957 ᠤᠨ ᠤ 4 ᠰᠠᠷ᠎ᠠ ᠶᠢᠨ 22᠎ ᠤ ᠡᠳᠦᠷ ᠴᠠᠭᠠᠨ ᠤᠪᠤᠭ᠎ᠠ ᠶᠢᠨ ᠴᠠᠷᠠᠭᠠᠳᠤ ᠬᠡᠮᠡᠬᠦ ᠭᠠᠵᠠᠷ ᠨᠠᠰᠤᠨ ᠬᠤᠳᠤᠭ ᠪᠤᠯᠪᠠ᠃
 
ᠢᠷᠡᠯᠲᠡ᠄ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠠᠴᠠ ᠬᠠᠩᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号