ᠮᠠᠯ ᠠᠵᠦ ᠠᠬᠤᠢ
ᠨᠡᠶᠢᠲᠡᠯᠡᠭᠰᠡᠨ ᠴᠠᠭ᠄
2010/9/29
                           ᠮᠠᠯ ᠠᠵᠥ ᠠᠬᠤᠢ ᠶᠢᠨ ᠬᠦᠭᠵᠢᠯᠳᠠ ᠶᠢᠨ ᠪᠠᠶᠢᠳᠠᠯ           ᠤᠷᠴᠢᠮ ᠤᠨ ᠵᠢᠯ᠂ ᠮᠠᠯ ᠠᠵᠥ ᠠᠬᠤᠢ ᠶᠢᠨ ᠪᠦᠳᠤᠴᠠ ᠶᠢᠨ ᠲᠤᠬᠢᠷᠠᠭᠤᠯᠤᠯᠳᠠ ᠶᠢ ᠲᠠᠰᠤᠷᠠᠯᠳᠠ ᠦᠬᠡᠢ ᠰᠢᠯᠢᠳᠡᠭᠵᠢᠬᠦᠯᠵᠥ᠂ ᠮᠠᠯ ᠠᠵᠥ ᠠᠬᠤᠢ ᠶᠢᠨ ᠦᠢᠯᠡᠤᠨᠪᠤᠷᠢᠯᠠᠯ ᠡᠵᠡᠩᠨᠠᠯᠳᠠ ᠤᠨ ᠠᠷᠭ᠎ᠠ ᠬᠡᠯᠪᠡᠷᠢ ᠶᠢ ᠢᠳᠡᠪᠬᠢᠳᠡᠢ ᠬᠤᠪᠢᠷᠠᠭᠤᠯᠬᠤ ᠶᠢᠨ ᠲᠦᠯᠤᠬᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠪᠦᠬᠦ ᠠᠶᠢᠮᠠᠭ ᠤᠨ ︽ᠰᠢᠯᠵᠢᠬᠦᠯᠤᠯᠳᠠ ᠬᠤᠪᠢᠷᠠᠭᠤᠯᠤᠯᠳᠠ ᠬᠤᠤᠰ ᠠᠮᠵᠢᠯᠳᠠ︾᠎ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢᠨ ᠲᠤᠭᠤᠷᠢᠨ ᠎ ᠳᠤ᠂ ︽ᠡᠮᠤᠨ᠎ᠠ ᠬᠡᠰᠡᠭ ᠲᠤ ᠡᠯᠡᠰᠤᠨ ᠡᠬᠢ ᠶᠢ ᠵᠠᠰᠠᠵᠥ᠂ ᠬᠤᠶᠢᠳᠤ ᠬᠡᠰᠡᠭ ᠲᠤ ᠪᠢᠳᠡᠬᠦᠮᠵᠢᠯᠠᠨ ᠰᠢᠯᠵᠢᠬᠦᠯᠵᠥ᠂ ᠲᠤᠮᠳᠠ ᠬᠡᠰᠡᠭ ᠲᠤ ᠲᠤᠭᠤᠷᠢᠭ ᠬᠤᠪᠢᠶᠠᠨ ᠰᠡᠯᠬᠦᠨ ᠮᠠᠯᠵᠢᠬᠤ︾ ᠠᠮᠢ ᠠᠬᠤᠢ ᠶᠢᠨ ᠲᠤᠭᠤᠷᠢᠭ ᠤᠨ ᠪᠠᠶᠢᠷᠢᠯᠠᠭᠤᠯᠤᠯᠳᠠ ᠶᠤᠰᠤᠭᠠᠷ ᠂ ᠭᠠᠵᠡᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ᠂ ︽ᠡᠮᠤᠨ᠎ᠠ ᠬᠡᠰᠩ ᠲᠤ ᠦᠬᠡᠷ ᠮᠠᠯᠵᠢᠵᠥ᠂ ᠬᠤᠶᠢᠳᠤ ᠬᠡᠰᠩ ᠲᠤ ᠬᠤᠨᠢ ᠮᠠᠯᠵᠢᠵᠥ᠂ ᠢᠮᠠᠭ᠎ᠠ ᠶᠢ ᠴᠦᠬᠡᠤᠨᠬᠡᠬᠦ᠂ ᠠᠳᠤᠭᠤ ᠲᠡᠮᠡᠭᠡ ᠶᠢ ᠬᠠᠮᠠᠭᠠᠯᠠᠬᠤ︾ ᠮᠠᠯ ᠠᠵᠥ ᠠᠬᠤᠢ ᠶᠢᠨ ᠭᠦᠭᠵᠢᠯᠳᠠ ᠎ ᠶᠢᠨ ᠶᠡᠷᠤᠩᠬᠡᠢ ᠪᠠᠶᠢᠷᠢᠯᠠᠭᠤᠯᠤᠯᠳᠠ ᠶᠢ ᠲᠤᠭᠳᠠᠭᠠᠵᠥ᠂ ᠮᠠᠯ ᠠᠵᠥ ᠠᠬᠤᠢ ᠶᠢᠨ ᠪᠦᠳᠤᠴᠠ ᠶᠢᠨ ᠲᠤᠬᠢᠷᠠᠭᠤᠯᠤᠯᠳᠠ᠂ ᠮᠠᠯ ᠪᠡᠯᠴᠢᠬᠡᠷ ᠤᠨ ᠲᠡᠩᠴᠡᠬᠦᠷᠢ᠂ ᠨᠤᠳᠤᠭ ᠪᠡᠯᠴᠢᠬᠡᠷ ᠤᠨ ᠲᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠬᠦᠯᠬᠦ᠂ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠪᠠ ᠦᠷ᠎ᠡ ᠶᠢᠨ ᠮᠠᠯ᠂ ᠲᠡᠮᠤᠷ ᠮᠠᠯ ᠤᠨ ᠬᠠᠮᠢᠶᠠᠷᠤᠯᠳᠠ ᠵᠡᠷᠬᠡ ᠮᠠᠯᠵᠢᠬᠤ ᠤᠷᠤᠨ ᠤ ᠠᠵᠢᠯ ᠤᠨ ᠲᠠᠯ᠎ᠠ ᠪᠠᠷ 7 ᠲᠦᠷᠤᠯ ᠤᠨ ᠵᠢᠯᠤᠭᠤᠤᠨᠬᠤ ᠰᠠᠨᠠᠯ ᠪᠠ ᠠᠷᠭ᠎ᠠ ᠬᠡᠮᠵᠢᠶ᠎ᠠ ᠶᠢ ᠲᠤᠭᠳᠠᠭᠠᠨ ᠬᠡᠷᠩᠵᠢᠬᠦᠯᠵᠥ᠂ ᠮᠠᠯ ᠠᠵᠥ ᠠᠬᠤᠢ ᠶᠢᠨ ᠡᠯ᠎ᠡ ᠵᠦᠢᠯ ᠤᠨ ᠠᠵᠢᠯ ᠢ ᠲᠦᠷᠢᠮᠵᠢᠬᠦᠯᠤᠨ᠂ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠤᠨᠬᠠᠨ ᠲᠦᠯᠬᠢᠨ ᠠᠬᠢᠭᠤᠯᠵᠥ᠂ ᠮᠠᠯ ᠠᠵᠥ ᠠᠬᠤᠢ ᠶᠢᠨ ᠠᠵᠢᠯ ᠢ ᠪᠦᠬᠦᠯᠢ ᠴᠤᠭᠴᠠ ᠪᠠᠷ ᠨᠢ ᠰᠢᠨ᠎ᠠ ᠨᠢᠬᠡ ᠲᠡᠪᠴᠡᠩ ᠳᠤ ᠭᠠᠷᠭᠠᠪᠠ᠃ ᠪᠤᠳᠡᠳᠤ ᠪᠠᠶᠢᠳᠠᠯ ᠢᠶᠠᠨ ᠦᠨᠳᠤᠰᠤᠯᠠᠵᠥ᠂ ᠰᠢᠨᠵᠢᠯᠡᠬᠦ ᠤᠬᠠᠭᠠᠴᠢ ᠬᠦᠭᠵᠢᠯᠳᠠ ᠶᠢᠨ ᠦᠵᠡᠯᠳᠠ ᠪᠠᠷ ᠨᠢᠬᠡᠳᠤᠯᠳᠡᠢ ᠤᠳᠤᠷᠢᠤᠨᠴᠥ᠂ ᠠᠮᠢ ᠠᠬᠤᠢ ᠶᠢᠨ ᠮᠠᠯ ᠠᠵᠥ ᠠᠬᠤᠢ ᠶᠢᠨ ᠬᠦᠭᠵᠢᠯᠳᠠ ᠶᠢ ᠪᠠᠷᠢᠮᠳᠠᠯᠠᠵᠥ᠂ ᠮᠠᠯ ᠪᠡᠯᠴᠢᠬᠡᠷ ᠤᠨ ᠲᠡᠩᠴᠡᠬᠦᠷᠢ ᠶᠢᠨ ᠲᠦᠷᠢᠮ ᠪᠠ ᠨᠤᠳᠤᠭ ᠪᠡᠯᠴᠢᠬᠡᠷ ᠤᠨ ︽ᠭᠤᠷᠪᠡᠨ ᠮᠠᠯᠵᠢᠯ︾᠎ ᠤᠨ ᠲᠦᠷᠢᠮ ᠢ ᠴᠢᠩᠭ᠎ᠠ ᠬᠡᠷᠩᠵᠢᠬᠦᠯᠵᠥ᠂ ᠬᠢᠵᠠᠭᠠᠷᠳᠡᠢ ᠮᠠᠯᠵᠢᠬᠤ ᠶᠢ ᠶᠡᠬᠡᠪᠡᠷ ᠲᠦᠯᠬᠢᠨ ᠠᠬᠢᠭᠤᠯᠵᠥ᠂ ᠨᠢᠬᠡ ᠲᠠᠯ᠎ᠠ ᠪᠠᠷ ᠮᠠᠯ ᠤᠨ ᠠᠷᠡᠴᠢᠯᠠᠠ ᠮᠠᠯᠵᠢᠬᠤ ᠬᠡᠪᠴᠢᠶ᠎ᠡ ᠎ ᠶᠢ ᠬᠦᠴᠤᠳᠡᠢ ᠬᠢᠵᠠᠭᠠᠷᠯᠠᠵᠥ᠂ ᠨᠦᠬᠦᠬᠡ ᠲᠠᠯ᠎ᠠ ᠪᠠᠷ ᠮᠠᠯ ᠤᠨ ᠡᠬᠦᠯᠳᠡᠷ ᠰᠠᠶᠢᠵᠢᠷᠠᠭᠤᠯᠤᠯᠳᠠ ᠶᠢ ᠶᠡᠬᠡᠪᠡᠷ ᠲᠡᠬᠡᠭᠰᠢᠯᠡᠬᠦᠯᠪᠠ᠃ 2010 ᠤᠨ ᠤᠨ ᠮᠠᠯᠵᠢᠯ ᠤᠨ ᠤᠨ ᠳᠤ ᠪᠦᠬᠦ ᠬᠤᠰᠢᠭᠤᠨ ᠤ ᠮᠠᠯ ᠤᠨ ᠶᠠᠷᠤᠩᠬᠡᠢ ᠲᠤᠭ᠎ᠠ ᠨᠢ 107.2 ᠲᠦᠮᠠᠠ ᠲᠤᠯᠤᠭᠠᠢ ᠳᠤ ᠬᠦᠷᠪᠡ᠃ ᠡᠬᠦᠨ ᠳᠤ᠂ ᠦᠬᠡᠷ 9.2 ᠲᠦᠮᠠᠠ ᠲᠤᠯᠤᠭᠠᠢ᠂ ᠠᠳᠤᠭᠤ 1.3 ᠲᠦᠮᠠᠠ ᠲᠤᠯᠤᠭᠠᠢ᠂ ᠲᠡᠮᠡᠭᠡ 0.3 ᠲᠦᠮᠠᠠ ᠲᠤᠯᠤᠭᠠᠢ᠂ ᠬᠤᠨᠢ 83.4 ᠲᠦᠮᠠᠨ ᠲᠤᠯᠤᠭᠠᠢ᠂ ᠢᠮᠠᠭ᠎ᠠ 12.9 ᠲᠦᠮᠠᠨ ᠲᠤᠯᠤᠭᠠᠢ ᠪᠤᠢ᠃ ᠪᠦᠬᠦ ᠬᠤᠰᠢᠭᠤᠨ ᠤ ᠬᠡᠪᠴᠢᠶᠡᠨ ᠳᠤ ᠢᠮᠠᠭ᠎ᠠ ᠶᠢ ᠶᠡᠬᠡᠪᠡᠷ ᠴᠦᠬᠡᠤᠨᠬᠡᠨ ᠲᠤᠪᠤᠶᠢᠮ᠎ᠠ ᠠᠮᠵᠢᠯᠳᠠ ᠤᠯᠵᠥ᠂ ᠢᠮᠠᠭᠠᠨ ᠤ ᠲᠤᠭ᠎ᠠ ᠲᠤᠯᠤᠭᠠᠢ ᠨᠢ 1999 ᠤᠨ ᠤ ᠬᠠᠮᠤᠭ ᠤᠨ ᠤᠯᠠᠨ ᠪᠠᠶᠢᠭᠰᠠᠨ ᠦᠶ᠎ᠡ ᠶᠢᠨ 65.8 ᠲᠦᠮᠠᠨ ᠲᠤᠯᠤᠭᠠᠢ ᠲᠠᠢ ᠬᠠᠷᠢᠴᠠᠭᠤᠯᠪᠠᠯ 53 ᠲᠦᠮᠠᠨ ᠲᠤᠯᠤᠭᠠᠢ ᠪᠠᠭᠠᠰᠪᠠ᠃ ᠡᠮᠤᠨ᠎ᠠ ᠬᠡᠰᠡᠭ ᠲᠤ ᠰᠢᠮᠧᠨ᠋ᠲ᠋ᠧᠷ ᠦᠬᠡᠷ ᠢᠶᠠᠷ ᠭᠤᠤᠯᠯᠠᠨ ᠮᠢᠬᠠᠨ ᠤ ᠦᠬᠡᠷ ᠤᠨ ᠮᠠᠯᠵᠢᠬᠤ ᠦᠢᠯᠡᠰ ᠢ ᠭᠤᠤᠯᠳᠠᠯᠭ᠎ᠠ ᠲᠠᠢ ᠭᠦᠭᠵᠢᠬᠦᠯᠵᠥ᠂ ᠭᠤᠤᠯᠳᠠᠭᠤ ︽ᠨᠤᠳᠤᠭ ᠤᠨ ᠡᠬᠦᠯᠳᠡᠷ ᠢᠶᠠᠷ ᠰᠠᠶᠢᠨ ᠡᠬᠦᠯᠳᠡᠷ ᠢ ᠰᠤᠯᠢᠬᠤ᠂ ᠴᠢᠨᠠᠷ ᠠᠨᠡᠢ ᠦᠬᠡᠷ ᠢᠶᠠᠷ ᠰᠠᠶᠢᠨ ᠡᠬᠦᠯᠳᠡᠷ ᠤᠨ ᠦᠬᠡᠷ ᠢ ᠰᠤᠯᠢᠬᠤ᠂ ᠪᠤᠭ ᠮᠠᠯ ᠢᠶᠠᠷ ᠪᠤᠳᠠ ᠮᠠᠯ ᠰᠤᠯᠢᠬᠤ︾ ᠵᠡᠷᠬᠡ ᠠᠷᠭ᠎ᠠ ᠪᠠᠷᠢᠯ ᠢ ᠠᠪᠤᠪᠠ᠃ ᠡᠬᠦᠨ ᠤ ᠬᠠᠮᠳᠤ᠂ ᠮᠢᠬᠠᠨ ᠤ ᠦᠬᠡᠷ ᠮᠠᠯᠵᠢᠬᠤ ᠦᠢᠯᠡᠰ ᠤᠨ ᠬᠦᠭᠵᠢᠯᠳᠠ ᠪᠠ ᠰᠦᠨᠢᠤᠨ ᠬᠤᠤᠰ ᠪᠦᠬᠦᠳᠤ ᠲᠡᠮᠡᠭᠡ ᠶᠢ ᠬᠠᠮᠠᠭᠠᠯᠠᠬᠤ ᠲᠠᠯ᠎ᠠ ᠪᠠᠷ ᠵᠤᠷᠢᠭᠵᠢᠭᠤᠯᠬᠤ ᠪᠠ ᠲᠡᠮᠵᠢᠬᠦ‍ ᠨᠢᠬᠡ ᠢᠵᠢ ᠲᠦᠷᠤ ᠎ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠦᠷᠬᠦᠯᠵᠢᠯᠠᠨ ᠬᠡᠷᠩᠵᠢᠬᠦᠯᠵᠥ᠂ ᠮᠢᠬᠠᠨ ᠦᠬᠡᠷ ᠮᠠᠯᠵᠢᠬᠤ ᠦᠢᠯᠠᠰ ᠪᠠ ᠰᠦᠨᠢᠤᠨ ᠬᠤᠤᠰ ᠪᠦᠬᠦᠳᠤ ᠲᠡᠮᠡᠭᠡ ᠶᠢ ᠬᠠᠮᠠᠭᠠᠯᠠᠬᠤ ᠠᠵᠢᠯ ᠳᠤ ᠢᠳᠡᠪᠬᠢᠳᠡᠢ ᠲᠦᠯᠬᠢᠴᠠ ᠬᠦᠴᠤᠨ ᠪᠤᠯᠤᠭᠰᠠᠨ ᠪᠠᠶᠢᠨ᠎ᠠ᠃ ᠤᠳᠤᠬᠠᠨ ᠳᠤ᠂ ᠡᠮᠤᠨ᠎ᠠ ᠬᠡᠰᠡᠭ ᠤᠨ ᠪᠠᠶᠠᠠᠨᠠᠭᠤᠷ ᠪᠠᠯᠭᠠᠰᠤᠨ ᠤ ᠦᠬᠡᠷ ᠤᠨ ᠲᠤᠭ᠎ᠠ ᠨᠢ 4.7 ᠲᠦᠮᠠᠨ ᠲᠤᠯᠤᠭᠠᠢ ᠳᠤ ᠬᠦᠷᠴᠥ᠂ ᠨᠢᠬᠡᠨᠳᠠ ᠪᠦᠬᠦ ᠬᠤᠰᠢᠭᠤᠨ ᠤᠨ ᠦᠬᠡᠷ ᠤᠨ ᠶᠡᠷᠤᠩᠬᠡᠢ ᠲᠤᠭ᠎ᠠ ᠶᠢᠨ ᠬᠠᠭᠠᠰ ᠠᠴᠠ ᠲᠡᠬᠡᠭᠰᠢᠬᠢ ᠶᠢ ᠡᠵᠡᠯᠡᠪᠠ︔ ᠡᠬᠦᠯᠳᠡᠷ ᠰᠠᠶᠢᠵᠢᠷᠡᠭᠤᠯᠤᠯᠳᠠ ᠶᠢᠨ ᠨᠤᠷᠮ᠎ᠠ ᠨᠢ 90.4 %᠎ ᠳᠤ ᠬᠦᠷᠴᠥ᠂ 2005 ᠤᠨ ᠤ ᠲᠠᠢ ᠬᠠᠷᠢᠴᠠᠭᠤᠯᠪᠠᠯ 53.2 ᠵᠠᠭᠤᠨ ᠤ ᠨᠢᠬᠡᠴᠢ ᠲᠡᠬᠡᠭᠰᠢᠯᠡᠪᠠ᠃ ᠲᠤᠮᠳᠠ ᠬᠤᠶᠢᠳᠤ ᠬᠡᠰᠡᠭ ᠲᠤ ᠰᠦᠨᠢᠤᠨ ᠬᠤᠨᠢ ᠰᠤᠩᠭᠤᠨ ᠪᠦᠢᠵᠢᠭᠤᠯᠬᠤ ᠠᠵᠢᠯ ᠎ ᠢ ᠭᠤᠤᠯᠳᠠᠯᠭ᠎ᠠ ᠲᠠᠢ ᠠᠤᠨᠬᠤᠪᠠ᠃ ᠤᠳᠤᠬᠠᠨ ᠳᠤ᠂ ᠰᠦᠨᠢᠤᠨ ᠬᠤᠨᠢᠨ ᠤ ᠲᠤᠭ᠎ᠠ ᠨᠢ 83.4 ᠲᠦᠮᠠᠨ ᠲᠤᠯᠤᠭᠠᠢ ᠳᠤ ᠬᠦᠷᠴᠥ᠂ ᠪᠦᠬᠦ ᠮᠠᠯ ᠤᠨ ᠲᠤᠭ᠎ᠠ ᠲᠤᠯᠤᠭᠠᠢ ᠶᠢᠨ3/4᠎ ᠶᠢ ᠡᠵᠡᠯᠡᠪᠠ᠃ ᠪᠦᠬᠦ ᠬᠤᠰᠢᠭᠤᠨ ᠤ ᠰᠦᠨᠢᠤᠨ ᠬᠤᠨᠢᠨ ᠤ ᠪᠠᠷᠢᠮᠵᠢᠶᠠᠳᠤ ᠰᠦᠷᠤᠭ᠌ 900 ᠰᠦᠷᠦᠭ ᠪᠠᠶᠢᠵᠥ᠂ ᠡᠯ᠎ᠡ ᠭᠠᠴᠠᠭ᠎ᠠ ᠨᠢ ᠬᠤᠴᠠ ᠶᠢ ᠲᠦᠪᠯᠡᠷᠡᠬᠦᠯᠤᠨ ᠮᠠᠯᠵᠢᠬᠤ ᠶᠢ ᠪᠦᠬᠦ ᠲᠠᠯ᠎ᠠ ᠪᠠᠷ ᠪᠡᠶᠡᠯᠡᠬᠦᠯᠵᠥ᠂ ᠰᠦᠨᠢᠤᠨ ᠬᠤᠴᠠᠨ ᠤ ᠤᠨᠴᠠ᠂ ᠨᠢᠬᠡᠳᠤᠬᠡᠷ ᠲᠡᠰ ᠤᠨ ᠨᠤᠷᠮ᠎ᠠ ᠨᠢ 70 %᠎ ᠠᠴᠠ ᠲᠡᠬᠡᠭᠰᠢ ᠬᠦᠷᠪᠡ᠃ 1997 ᠤᠨ ᠳᠤ ᠥᠪᠡᠷᠳᠡᠬᠡᠨ ᠵᠠᠰᠠᠬᠤ ᠤᠷᠤᠨ  ᠤ ᠠᠷᠠᠳ ᠤᠨ ᠵᠠᠰᠠᠭ ᠤᠨ ᠤᠷᠳᠤᠨ ᠠᠴᠠ ᠵᠢᠩᠬᠢᠨᠢ ᠪᠠᠷ ︽ᠰᠥᠨᠢᠳ ᠬᠤᠨᠢ︾ ᠭᠡᠮᠡᠨ ᠨᠡᠷᠡᠶᠢᠳᠪᠡ︔ 2007 ᠤᠨ ᠳᠤ᠂ ᠰᠥᠨᠢᠳ ᠬᠤᠨᠢᠨ ᠮᠢᠬ᠎ᠠ ᠨᠢ ᠤᠯᠤᠰ ᠤᠨ ᠶᠠᠰᠤ ᠴᠢᠨᠠᠷ ᠮᠡᠷᠬᠡᠵᠢᠯ ᠤᠨ ᠬᠢᠨᠠᠯᠳᠠ ᠳᠠᠯᠪᠢᠬᠤ ᠶᠡᠷᠤᠩᠬᠡᠢ ᠳᠤᠪᠴᠢᠶᠠᠨ ᠤ ᠵᠥᠪᠰᠢᠶᠠᠷᠡᠯ ᠢᠶᠠᠷ ᠭᠠᠵᠡᠷ ᠵᠦᠢ ᠶᠢᠨ ᠲᠡᠮᠳᠡᠭᠳᠤ ᠪᠥᠳᠥᠭᠡᠭᠳᠡᠬᠦᠨ ᠪᠤᠯᠪᠠ︔ 2010 ᠤᠨ ᠳᠤ᠂ ᠰᠦᠨᠢᠤᠨ ᠬᠤᠨᠢ ᠨᠢ ᠤᠯᠤᠰ ᠤᠨ ᠮᠠᠯ ᠤᠨ ᠤᠳᠤᠮᠰᠢᠯ ᠤᠨ ᠡᠬᠢ ᠰᠤᠷᠪᠤᠯᠵᠢ ᠶᠢ ᠬᠠᠮᠠᠭᠠᠯᠡᠬᠤ ᠨᠠᠷᠡᠰ ᠲᠤ ᠤᠷᠤᠪᠠ᠃ ᠠᠮᠢ ᠠᠬᠤᠢ ᠶᠢ ᠬᠠᠮᠠᠭᠠᠯᠠᠬᠤ ᠪᠠ ᠪᠦᠳᠤᠬᠡᠨ ᠪᠠᠶᠢᠭᠤᠯᠬᠤ ᠬᠦᠴᠤᠯᠠᠴᠠ ᠵᠢᠯ ᠲᠠᠷᠠᠭᠠᠯᠠᠨ ᠴᠢᠩᠭᠠᠷᠠᠬᠤ ᠶᠢ ᠲᠠᠭᠠᠯᠳᠤᠨ᠂ ᠮᠠᠨ ᠤ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢᠨ ᠮᠠᠭᠤᠳᠠᠬᠤ ᠪᠠᠶᠢᠳᠠᠯ ᠶᠢ ᠠᠰᠢᠭᠳᠡᠢ ᠪᠠᠷ ᠬᠤᠷᠢᠭᠯᠠᠵᠥ᠂ ᠮᠠᠯᠵᠢᠬᠤ ᠤᠷᠤᠨ ᠤ ᠬᠦᠮᠤᠨ ᠠᠮᠨ ᠶᠢ ᠰᠢᠯᠵᠢᠬᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠥ᠂ ᠮᠠᠯ ᠠᠵᠥ ᠠᠬᠤᠢ ᠦᠷᠬᠦᠯᠵᠢᠯᠠᠨ ᠡᠷᠡᠬᠦᠯ ᠢᠶᠠᠷ ᠬᠦᠭᠵᠢᠵᠥ᠂ 2009 ᠤᠨ ᠎ ᠳᠤ ᠪᠦᠬᠦ ᠬᠤᠰᠢᠭᠤᠨ ᠤ ᠮᠠᠯᠴᠢᠤᠨ ᠤᠨ ᠬᠦᠮᠤᠨ ᠲᠤᠮᠳᠡᠴᠢ ᠴᠡᠪᠡᠷ ᠤᠷᠤᠯᠭ᠎ᠠ ᠨᠢ 5206 ᠲᠦᠬᠦᠷᠢᠭ ᠲᠤ ᠬᠦᠷᠴᠥ᠂ ᠮᠠᠯᠴᠢᠤᠨ ᠤᠨ ᠤᠷᠤᠯᠭ᠎ᠠ ᠲᠤᠭᠳᠠᠭᠤᠨ ᠢᠶᠠᠷ ᠨᠡᠮᠡᠭᠳᠡᠪᠡ᠃
 
ᠢᠷᠡᠯᠲᠡ᠄ ᠮᠠᠯ ᠠᠵᠦ ᠠᠬᠤᠢ ᠶᠢᠨ ᠲᠤᠪᠴᠢᠶ᠎ᠠ ᠠᠴᠠ ᠬᠠᠩᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号