ᠪᠠᠶᠢᠴᠠᠭᠠᠭᠴᠢ ᠺᠠᠳᠠᠷ ᠬᠠᠦᠯᠢ ᠴᠠᠭᠠᠵᠠ ᠶᠢᠨ ᠭᠦᠮᠦᠵᠢᠯ ᠭᠦᠷᠳᠡᠭᠡᠵᠦ᠂ ᠪᠠᠭᠠᠴᠣᠳ ᠭᠡᠦᠭᠡᠳ ᠤᠨ ᠶᠠᠯ᠎ᠠ ᠭᠢᠭᠦ ᠶᠢ ᠣᠷᠢᠳᠴᠢᠯᠡᠨ ᠰᠡᠷᠭᠡᠶᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2011/11/4
             ᠪᠠᠶᠢᠴᠠᠭᠠᠭᠴᠢ ᠺᠠᠳᠠᠷ ᠬᠠᠦᠯᠢ ᠴᠠᠭᠠᠵᠠ ᠶᠢᠨ ᠭᠦᠮᠦᠵᠢᠯ ᠭᠦᠷᠳᠡᠭᠡᠵᠦ᠂              ᠪᠠᠭᠠᠴᠣᠳ ᠭᠡᠦᠭᠡᠳ ᠤᠨ ᠶᠠᠯ᠎ᠠ ᠭᠢᠭᠦ ᠶᠢ ᠣᠷᠢᠳᠴᠢᠯᠡᠨ ᠰᠡᠷᠭᠡᠶᠢᠯᠡᠵᠦ ᠪᠠᠶᠢᠨ᠎ᠠ       ᠣᠶᠢᠷ᠎ᠡ ᠳᠤ᠂ ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠡᠨ ᠤ ᠨᠢᠭᠡ ᠨᠡᠷ᠎ᠡ ᠪᠠᠶᠢᠴᠠᠭᠠᠭᠴᠢ ᠨᠢ ᠬᠤᠰᠢᠭᠤ ᠮᠣᠩᠭᠤᠯ ᠦᠨᠳᠦᠰᠦᠳᠡᠨ ᠤ ᠬᠤᠶᠠᠳᠣᠭᠠᠷ ᠪᠠᠭ᠎ᠠ ᠰᠣᠷᠭᠠᠭᠤᠯᠢ ᠳᠤ ᠭᠦᠷᠴᠦ᠂ ᠰᠣᠷᠣᠭᠴᠢᠳ ᠲᠤ ᠡᠯᠪᠡᠭ ᠪᠠᠶᠠᠯᠢᠭ ᠠᠭᠤᠯᠭ᠎ᠠ ᠲᠠᠢ ᠬᠠᠦᠯᠢ ᠴᠠᠭᠠᠵᠠ ᠶᠢᠨ ᠭᠦᠮᠦᠵᠢᠯ ᠭᠦᠷᠳᠡᠭᠡᠪᠡ᠃ ᠪᠠᠶᠢᠴᠠᠭᠠᠭᠴᠢ ᠠᠴᠠ ︽ᠬᠠᠦᠯᠢ ᠴᠠᠭᠠᠵᠠ ᠶᠢᠨ ᠪᠠᠭᠰᠢ︾ ᠪᠣᠯᠣᠭᠰᠠᠨ ᠤ ᠬᠤᠪᠢ ᠳᠤ ᠪᠠᠭ᠎ᠠ ᠰᠣᠷᠭᠠᠭᠤᠯᠢ ᠶᠢᠨ ᠰᠣᠷᠣᠭᠴᠢᠳ ᠤᠨ ᠣᠨᠴᠠᠯᠢᠭ ᠲᠤ ᠲᠣᠭᠢᠷᠠᠭᠤᠯᠣᠨ ᠵᠢᠷᠤᠭ ᠲᠠᠶᠢᠯᠪᠣᠷᠢ ᠬᠠᠪᠰᠣᠷᠭᠠᠭᠰᠠᠨ ᠲᠠᠶᠢᠯᠣᠮᠵᠢ ᠪᠡᠯᠡᠳᠭᠡᠵᠦ᠂ ᠣᠯᠠᠨ ᠵᠠᠭᠤᠴᠢᠳᠦ ᠭᠢᠴᠢᠶᠡᠯᠯᠡᠭᠡ ᠪᠠᠷ ᠲᠠᠮᠵᠢᠭᠤᠯᠣᠨ ᠰᠣᠷᠣᠭᠴᠢᠳ ᠲᠤ ︽ᠵᠠᠯᠠᠭᠤ ᠪᠡᠭᠠᠴᠣᠳ ᠤᠨ ᠶᠠᠯᠠᠳᠦ ᠠᠵᠢᠯᠯᠠᠭ᠎ᠠ ᠭᠢᠭᠦ ᠶᠢ ᠣᠷᠢᠳᠴᠢᠯᠡᠨ ᠰᠡᠷᠭᠡᠶᠢᠯᠡᠭᠦ ᠬᠠᠦᠯᠢ︾ ᠶᠢᠨ ᠬᠤᠯᠪᠣᠭᠳᠠᠯ ᠪᠦᠭᠦᠢ ᠠᠭᠤᠯᠭ᠎ᠠ ᠶᠢ ᠭᠡᠷᠡᠭ ᠤᠨ ᠵᠢᠱᠢᠶ᠎ᠡ ᠲᠠᠢ ᠣᠶᠠᠯᠳᠣᠭᠤᠯᠣᠨ ᠣᠶᠢᠯᠠᠭᠠᠮᠵᠢᠳᠡᠢ ᠪᠠᠷ ᠲᠠᠶᠢᠯᠪᠣᠷᠢᠯᠡᠨ ᠦᠭᠴᠦ᠂ ᠰᠣᠷᠣᠭᠴᠢᠳ ᠤᠨ ᠬᠠᠦᠯᠢ ᠴᠠᠭᠠᠵᠠ ᠶᠢᠨ ᠲᠣᠬᠠᠢ ᠦᠵᠡᠯᠳᠡ ᠶᠢ ᠣᠯᠠᠮ ᠢᠶᠠᠷ ᠴᠢᠩᠭᠠᠳᠬᠠᠭᠰᠡᠨ ᠪᠠᠶᠢᠨ᠎ᠠ᠃      ᠭᠢᠴᠢᠶᠡᠯ ᠤᠨ ᠲᠠᠷᠠᠭ᠎ᠠ᠂ ︽ᠬᠠᠦᠯᠢ ᠴᠠᠭᠠᠵᠠ ᠶᠢᠨ ᠪᠠᠭᠰᠢ︾ ᠠᠴᠠ ᠲᠣᠰᠬᠠᠶᠢᠯᠠᠨ ᠭᠡᠳᠦᠨ ᠠᠯᠢᠶ᠎ᠡ ᠲᠦᠢᠳᠭᠡᠷ ᠰᠣᠷᠣᠭᠴᠢᠳ ᠲᠠᠢ ᠰᠡᠳᠭᠢᠯ ᠢᠶᠠᠨ ᠶᠠᠷᠢᠯᠴᠠᠵᠦ᠂ ᠲᠡᠳᠡᠨ ᠤ ᠣᠨᠴᠠᠯᠢᠭ ᠲᠤᠨᠢ ᠲᠣᠭᠢᠷᠠᠭᠤᠯᠣᠨ ᠵᠢᠭᠠᠨ ᠵᠢᠯᠣᠭᠤᠳᠴᠦ᠂ ᠲᠡᠳᠡᠨ ᠢ ᠠᠷᠢᠭᠢ ᠣᠣᠭᠤᠵᠦ ᠲᠠᠮᠠᠭᠢ ᠲᠡᠳᠡᠵᠦ ᠪᠣᠯᠬᠤ ᠦᠭᠡᠢ᠂ ᠲᠣᠣᠷ ᠰᠦᠯᠵᠢᠶᠡᠨ ᠳᠤ ᠰᠢᠨᠦᠵᠦ ᠭᠢᠴᠢᠶᠡᠯ ᠰᠣᠷᠣᠯᠭ᠎ᠠ ᠪᠠᠨ ᠰᠠᠭᠠᠳᠡᠵᠦ ᠪᠣᠯᠬᠤ ᠦᠭᠡᠢ᠂ ᠬᠠᠮᠳᠦ ᠨᠦᠭᠦᠳ ᠲᠠᠢ ᠪᠠᠨ ᠭᠡᠷᠡᠭᠦᠯ ᠵᠣᠳᠣᠭᠠᠨ ᠭᠢᠵᠦ ᠪᠣᠯᠬᠤ ᠦᠭᠡᠢ ᠭᠡᠭᠦ ᠵᠡᠷᠭᠡ ᠲᠠᠯ᠎ᠠ ᠪᠠᠷ ᠱᠠᠭᠠᠷᠳᠠᠨ ᠰᠣᠷᠭᠠᠭᠰᠠᠨ ᠪᠦᠭᠡᠳ ᠰᠠᠶᠢᠨ ᠲᠣᠷ᠎ᠡ ᠠᠴᠠ ᠪᠠᠨ ᠲᠡᠳᠡᠨ  ᠤ ︽ᠰᠣᠷᠭᠠᠭᠤᠯᠢ ᠶᠢᠨ ᠭᠠᠳᠠᠨᠠᠭᠢ ᠬᠠᠪᠰᠣᠷᠣᠨ ᠵᠢᠯᠣᠭᠤᠳᠣᠭᠴᠢ︾ ᠪᠣᠯᠵᠦ᠂ ᠲᠣᠭᠳᠠᠭᠰᠡᠨ ᠬᠤᠭᠤᠴᠠᠭ᠎ᠠ ᠲᠠᠢ  ᠪᠠᠷ ᠲᠡᠳᠡᠨ ᠤ ᠮᠣᠷᠠᠯ ᠰᠣᠷᠣᠯᠭ᠎ᠠ ᠶᠢᠨ ᠪᠠᠶᠢᠳᠡᠯ ᠢ ᠣᠶᠢᠯᠠᠭᠠᠵᠦ᠂ ᠴᠠᠭ ᠲᠣᠬᠠᠢ ᠳᠤᠨᠢ ᠬᠠᠪᠰᠣᠷᠣᠨ ᠵᠢᠯᠣᠭᠤᠳᠬᠤ  ᠪᠠᠷ ᠪᠣᠯᠵᠣᠨ ᠲᠣᠭᠳᠠᠭᠰᠠᠨ ᠪᠠᠶᠢᠨ᠎ᠠ᠃ ᠡᠨᠡᠭᠦ ᠣᠳᠠᠭᠠᠨ ᠤ ᠬᠠᠦᠯᠢ ᠴᠠᠭᠠᠵᠠ ᠶᠢᠨ ᠭᠦᠮᠦᠵᠢᠯ ᠤᠨ ᠭᠢᠴᠢᠶᠡᠯᠯᠡᠭᠡ ᠨᠢ ᠭᠡᠦᠭᠡᠳ ᠤᠳ ᠲᠤ ᠭᠦᠨ ᠭᠦᠨᠵᠡᠭᠡᠢ ᠬᠠᠦᠯᠢ ᠴᠠᠭᠠᠵᠠ ᠶᠢᠨ ᠭᠦᠮᠦᠵᠢᠯ ᠭᠦᠷᠳᠡᠭᠡᠵᠦ᠂ ᠪᠠᠭᠰᠢ ᠰᠣᠷᠣᠭᠴᠢᠳ ᠤᠨ ᠬᠠᠯᠠᠭᠤᠨ ᠭᠦᠷᠢᠶᠡᠯᠡᠯ ᠢ ᠣᠯᠣᠭᠰᠠᠨ ᠪᠠᠶᠢᠨ᠎ᠠ᠃
 
ᠢᠷᠡᠯᠲᠡ᠄ ᠬᠤᠰᠢᠭᠤ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠠᠴᠠ ᠬᠠᠨᠭ᠍ᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号