ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠡᠨ ᠤ ᠰᠠᠭᠢᠨ ᠬᠠᠷᠠᠬᠤ ᠭᠠᠵᠠᠷ ᠲᠤ ᠰᠠᠭᠤᠭ᠎ᠠ ᠪᠠᠶᠢᠴᠠᠭᠠᠬᠤ ᠲᠠᠰᠤᠭ ᠨᠢ ︽ᠪᠦᠭᠦ ᠣᠷᠣᠨ ᠤ ᠭᠤᠷᠪᠠᠳᠣᠭᠠᠷ ᠲᠡᠰ ᠤᠨ ᠲᠦᠷᠢᠮᠵᠢᠭᠰᠡᠨ ᠪᠠᠶᠢᠴᠠᠭᠠᠬᠤ ᠲᠠᠰᠤᠭ︾᠎ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2012/3/1
           ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠡᠨ ᠤ ᠰᠠᠭᠢᠨ            ᠬᠠᠷᠠᠬᠤ ᠭᠠᠵᠠᠷ ᠲᠤ ᠰᠠᠭᠤᠭ᠎ᠠ ᠪᠠᠶᠢᠴᠠᠭᠠᠬᠤ ᠲᠠᠰᠤᠭ ᠨᠢ ︽ᠪᠦᠭᠦ ᠣᠷᠣᠨ ᠤ            ᠭᠤᠷᠪᠠᠳᠣᠭᠠᠷ ᠲᠡᠰ ᠎ ᠤᠨ ᠲᠦᠷᠢᠮᠵᠢᠭᠰᠡᠨ ᠪᠠᠶᠢᠴᠠᠭᠠᠬᠤ ᠲᠠᠰᠤᠭ︾᠎ ᠢᠶᠠᠷ ᠦᠨᠡᠯᠡᠭᠳᠡᠪᠡ     ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠡ ᠨᠢ ᠭᠢᠨᠳᠡᠨ ᠢ ᠪᠠᠶᠢᠴᠠᠭᠠᠬᠤ ᠰᠠᠯᠠᠭᠠᠨ ᠤ ᠠᠵᠢᠯ ᠢᠶᠠᠨ ᠲᠠᠰᠣᠷᠠᠯᠳᠡ ᠦᠭᠡᠢ ᠴᠢᠩᠭᠠᠳᠬᠠᠵᠦ᠂ ᠰᠠᠭᠢᠨ ᠬᠠᠷᠠᠬᠤ ᠭᠠᠵᠠᠷ ᠤᠨ ᠲᠣᠨᠤᠭ ᠲᠦᠭᠦᠭᠡᠷᠦᠮᠵᠢ ᠬᠠᠭᠤᠴᠢᠷᠠᠵᠦ᠂ ᠰᠠᠭᠤᠭ᠎ᠠ ᠪᠠᠶᠢᠴᠠᠭᠠᠬᠤ ᠲᠠᠰᠤᠭ ᠤᠨ ᠪᠠᠶᠢᠴᠠᠭᠠᠭᠴᠢ ᠺᠠᠳᠠᠷ ᠴᠦᠭᠡᠨ ᠪᠠᠶᠢᠬᠤ ᠵᠡᠷᠭᠡ ᠪᠣᠳᠡᠳᠦ ᠠᠰᠠᠭᠤᠳᠡᠯ ᠳᠤ ᠴᠢᠭᠯᠡᠭᠦᠯᠦᠨ᠂ ᠲᠣᠬᠠᠢ ᠶᠢᠨ ᠭᠠᠵᠠᠷ ᠲᠤᠨᠢ ᠭᠦᠨᠵᠡᠭᠡᠶᠢᠷᠡᠨ ᠪᠠᠶᠢᠴᠠᠭᠠᠨ ᠰᠣᠳᠣᠯᠣᠯᠳᠡ ᠭᠢᠵᠦ᠂ ᠲᠣᠰᠬᠠᠢ ᠮᠡᠳᠡᠭᠦᠯᠦᠯᠳᠡ ᠶᠢ ᠰᠣᠨᠣᠰᠣᠨ᠂ ᠣᠷᠣᠰᠢᠵᠦ ᠪᠠᠶᠢᠭ᠎ᠠ ᠠᠰᠠᠭᠤᠳᠡᠯ ᠢ ᠵᠠᠳᠠᠯᠣᠨ ᠪᠣᠳᠡᠳᠡᠢ ᠠᠷᠭ᠎ᠠ ᠭᠡᠮᠵᠢᠶ᠎ᠡ ᠠᠪᠴᠦ᠂ ᠰᠠᠭᠤᠭ᠎ᠠ ᠪᠠᠶᠢᠴᠠᠭᠠᠬᠤ ᠲᠠᠰᠤᠭ ᠤᠨ ᠲᠦᠷᠢᠮᠵᠢᠭᠰᠡᠨ ᠪᠠᠶᠢᠭᠤᠯᠣᠯᠳᠡ ᠶᠢ ᠲᠠᠰᠣᠷᠯᠠᠳᠡ ᠦᠭᠡᠢ ᠴᠢᠩᠭᠠᠳᠬᠠᠵᠦ᠂ ᠭᠢᠨᠡᠨ ᠬᠠᠮᠢᠶᠠᠷᠬᠤ ᠨᠢᠭᠡᠴᠡ ᠶᠢᠨ ᠴᠢᠩᠭ᠎ᠠ ᠨᠢᠮᠪᠠᠢ ᠬᠠᠦᠯᠢ ᠶᠢ ᠭᠡᠷᠡᠭᠵᠢᠭᠦᠯᠦᠨ᠂ ᠪᠣᠯᠪᠠᠰᠣᠨ ᠢᠶᠠᠷ ᠭᠢᠨᠡᠨ ᠬᠠᠮᠢᠶᠠᠷᠴᠦ᠂ ᠭᠢᠨᠡᠨ ᠬᠠᠮᠢᠶᠠᠷᠣᠭᠳᠠᠭᠴᠢ ᠡᠳᠡᠭᠡᠳ ᠤᠨ ᠬᠠᠦᠯᠢ ᠶᠣᠰᠣᠨ ᠤ ᠡᠷᠭᠡ ᠠᠰᠢᠭ ᠢ ᠬᠠᠮᠠᠭᠠᠯᠠᠬᠤ ᠶᠢ ᠠᠭᠢᠭᠤᠯᠣᠨ᠂ ᠰᠠᠭᠢᠨ ᠬᠠᠷᠠᠬᠤ ᠭᠠᠵᠠᠷ ᠤᠨ ᠠᠮᠣᠷ ᠲᠦᠪᠰᠢᠨ ᠪᠡ ᠲᠣᠭᠳᠠᠭᠤᠨ ᠢ ᠬᠠᠮᠠᠭᠠᠯᠠᠬᠤ ᠶᠢ ᠪᠡᠳᠦᠯᠡᠵᠦ ᠴᠢᠳᠠᠭᠰᠠᠨ ᠪᠠᠶᠢᠨ᠎ᠠ᠃ ᠣᠶᠢᠷ᠎ᠡ ᠳᠤ᠂ ᠲᠣᠰ ᠬᠤᠷᠢᠶᠡᠨ ᠤ ᠰᠠᠭᠢᠨ ᠬᠠᠷᠠᠬᠤ ᠭᠠᠵᠠᠷ ᠲᠤ ᠰᠠᠭᠤᠭ᠎ᠠ ᠪᠠᠶᠢᠴᠠᠭᠠᠬᠤ ᠲᠠᠰᠤᠭ ᠨᠢ ᠪᠦᠭᠦ ᠣᠷᠣᠨ ᠤ ᠨᠢᠭᠡᠳᠦᠯᠳᠡᠢ ᠪᠠᠶᠢᠴᠠᠭᠠᠯᠳᠡ ᠶᠢᠨ ᠲᠣᠮᠳᠡ ᠲᠣᠪᠣᠶᠢᠮ᠎ᠡ ᠭᠢᠷᠢ ᠪᠦᠳᠦᠮᠵᠢ ᠪᠠᠷ ᠢᠶᠠᠨ ᠰᠠᠶᠢᠨ ᠦᠨᠡᠯᠡᠯᠳᠡ ᠶᠢ ᠭᠦᠷᠳᠡᠵᠦ᠂ ᠦᠪᠡᠷᠳᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠡᠨ ᠳᠤ ︽ᠭᠤᠷᠪᠠᠳᠣᠭᠠᠷ ᠲᠡᠰ ᠤᠨ ᠲᠦᠷᠢᠮᠵᠢᠭᠰᠡᠨ ᠪᠠᠶᠢᠴᠠᠭᠠᠬᠤ ᠲᠠᠰᠤᠭ︾᠎ ᠢᠶᠠᠷ ᠨᠡᠷᠡᠶᠢᠳᠦᠭᠳᠡᠭᠰᠡᠨ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠡᠨ ᠤ ᠠᠯᠪᠠᠨ ᠬᠡᠷ ᠬᠠᠨᠭ᠍ᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号