ᠰᠦᠨᠢᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶᠡᠨ ᠤ ᠬᠠᠦᠯᠢ ᠴᠠᠭᠠᠵᠠ ᠶᠢᠨ ᠭᠢᠨᠠᠯᠳᠡ ᠲᠠᠯᠪᠢᠬᠤ ᠲᠠᠰᠤᠭ ᠮᠠᠯᠴᠢᠳ ᠤᠨ ᠢᠯᠡᠴᠢᠯᠡᠨ ᠵᠠᠭᠠᠯᠳᠣᠵᠦ᠂ ᠭᠤᠮᠣᠳᠡᠯ ᠲᠣᠭᠠᠴᠢᠬᠤ ᠳᠤ ᠲᠦᠭᠦᠮ ᠨᠦᠭᠦᠴᠡᠯ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2012/3/1
             ᠰᠦᠨᠢᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶᠡᠨ ᠤ ᠬᠠᠦᠯᠢ             ᠴᠠᠭᠠᠵᠠ ᠶᠢᠨ ᠭᠢᠨᠠᠯᠳᠡ ᠲᠠᠯᠪᠢᠬᠤ ᠲᠠᠰᠤᠭ ᠮᠠᠯᠴᠢᠳ ᠤᠨ ᠢᠯᠡᠴᠢᠯᠡᠨ              ᠵᠠᠭᠠᠯᠳᠣᠵᠦ᠂ ᠭᠤᠮᠣᠳᠡᠯ ᠲᠣᠭᠠᠴᠢᠬᠤ ᠳᠤ ᠲᠦᠭᠦᠮ ᠨᠦᠭᠦᠴᠡᠯ ᠬᠠᠩᠭᠠᠵᠦ ᠪᠠᠶᠢᠨ᠎ᠠ
   
     ᠡᠷᠭᠢᠮ ᠣᠯᠠᠨ ᠮᠠᠯᠴᠢᠨ ᠨᠠᠶᠢᠵᠠ ᠨᠠᠷ ᠮᠢᠨᠢ ᠡ᠄      ᠲᠨ ᠪᠦᠭᠦᠨ ᠰᠠᠶᠢᠨ ᠪᠠᠶᠢᠨ᠎ᠠ ᠤᠤ︖      ᠣᠶᠢᠷ᠎ᠡ ᠳᠤ᠂ ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠡ ᠨᠢ ᠬᠤᠰᠢᠭᠤᠨ ᠲᠦᠪ ᠎ ᠳᠠᠬᠢ ᠭᠤᠣᠯ ᠵᠡᠭᠡᠯᠢ ᠳᠤ ︽ᠬᠠᠦᠯᠢ ᠴᠠᠭᠠᠵᠠ ᠶᠢᠨ ᠭᠢᠨᠠᠯᠳᠡ ᠲᠠᠯᠪᠢᠬᠤ ᠲᠠᠰᠤᠭ︾ ᠪᠠᠶᠢᠭᠤᠯᠵᠦ᠂ ᠮᠠᠯᠴᠢᠳ ᠤᠨ ᠢᠯᠡᠴᠢᠯᠡᠨ ᠵᠠᠭᠠᠯᠳᠣᠵᠦ ᠭᠤᠮᠣᠳᠡᠯ ᠲᠣᠭᠠᠴᠢᠬᠤ ᠳᠤ ᠲᠦᠭᠦᠮ ᠨᠦᠭᠦᠴᠡᠯ ᠪᠦᠷᠢᠯᠳᠦᠭᠦᠯᠵᠦ ᠦᠭᠭᠦᠭᠰᠡᠨ ᠪᠠᠶᠢᠨ᠎ᠠ᠃ ᠡᠨᠡᠭᠦ ᠪᠠᠶᠢᠭᠤᠯᠣᠮᠵᠢ ᠶᠢ ᠪᠠᠶᠢᠭᠤᠯᠣᠭᠰᠠᠨ ᠨᠢ ᠭᠤᠣᠯᠳᠠᠭᠤ ᠮᠠᠯᠴᠢᠳ ᠤᠨ ᠢᠯᠡᠴᠢᠯᠡᠨ ᠵᠠᠭᠠᠯᠳᠣᠵᠦ ᠭᠤᠮᠣᠳᠡᠯ ᠲᠣᠭᠠᠴᠢᠬᠤ ᠳᠤ ᠲᠦᠭᠦᠮ ᠨᠦᠭᠦᠴᠡᠯ ᠬᠠᠩᠭᠠᠬᠤ ᠶᠢᠨ ᠬᠠᠮᠳᠦ᠂ ᠪᠠᠶᠢᠴᠠᠭᠠᠬᠤ ᠠᠵᠢᠯ ᠤᠨ ᠦᠢᠯᠡᠴᠢᠯᠡᠭᠦ ᠭᠡᠪᠴᠢᠶ᠎ᠡ ᠎ ᠪᠠᠨ ᠣᠯᠠᠮ ᠢᠶᠠᠷ ᠭᠦᠨᠵᠡᠭᠡᠶᠢᠷᠡᠭᠦᠯᠭᠦ ᠶᠢᠨ ᠲᠦᠯᠦᠭᠡ ᠶᠣᠮ᠃ ᠲᠣᠰ ᠬᠠᠦᠯᠢ ᠴᠠᠭᠠᠵᠠ ᠶᠢᠨ ᠭᠢᠨᠠᠯᠳᠡ ᠲᠠᠯᠪᠢᠬᠤ ᠲᠠᠰᠤᠭ ᠨᠢ ᠮᠠᠯᠴᠢᠳ ᠤᠨ ᠢᠯᠡᠴᠢᠯᠡᠨ ᠵᠠᠭᠠᠯᠳᠣᠵᠦ ᠭᠤᠮᠣᠳᠠᠯ ᠲᠣᠭᠠᠴᠢᠬᠤ ᠶᠢ ᠴᠠᠭ ᠲᠣᠬᠠᠢ ᠳᠤᠨᠢ ᠭᠦᠯᠢᠶᠡᠨ ᠠᠪᠴᠦ ᠰᠢᠢᠳᠪᠦᠷᠢᠯᠡᠭᠦ᠂ ᠮᠠᠯᠴᠢᠳ ᠲᠤ ᠰᠦᠢᠳᠭᠡᠯ ᠬᠤᠷᠢᠶᠡᠬᠤ ᠦᠭᠡᠢ ᠪᠠᠷ ᠬᠠᠦᠯᠢ ᠴᠠᠭᠠᠵᠠ ᠶᠢᠨ ᠪᠢᠴᠢᠭ ᠮᠠᠲ᠋ᠧᠷᠢᠶᠡᠯ ᠣᠷᠣᠯᠠᠨ ᠪᠢᠴᠢᠵᠦ ᠦᠭᠭᠦ᠂ ᠬᠠᠦᠯᠢ ᠴᠠᠭᠠᠵᠠ ᠶᠢᠨ ᠯᠠᠪᠯᠠᠯᠳᠡ ᠬᠠᠩᠭᠠᠬᠤ᠂ ᠭᠦᠳᠡᠭᠡ ᠠᠴᠠ ᠬᠤᠳᠡ ᠣᠷᠣᠵᠦ ᠭᠤᠮᠣᠳᠡᠯ ᠲᠣᠭᠠᠴᠢᠬᠤ ᠪᠠᠷ ᠢᠷᠡᠭᠰᠡᠨ ᠮᠠᠯᠴᠢᠳ ᠲᠤ ᠲᠣᠭᠢᠯᠢᠭ ᠲᠠᠭᠠᠯᠠᠮᠵᠢᠳᠡᠢ ᠣᠷᠴᠢᠨ ᠢ ᠬᠠᠩᠭᠠᠬᠤ ᠵᠡᠷᠭᠡ ᠦᠢᠯᠡᠴᠢᠯᠡᠭᠡ ᠬᠠᠩᠭᠠᠵᠦ᠂ ᠮᠠᠯᠴᠢᠳ ᠤᠨ ᠭᠦᠴᠢᠷᠳᠡᠯ ᠢ ᠦᠨᠡᠠᠭᠦ ᠰᠢᠢᠳᠪᠦᠷᠢᠯᠡᠵᠦ ᠲᠡᠳᠡᠨᠦᠰ ᠲᠤ ᠪᠣᠳᠡᠳᠡᠢ ᠠᠰᠢᠭ ᠭᠦᠷᠳᠡᠭᠡᠨ᠎ᠡ᠃ ᠡᠨᠡᠭᠦ ᠠᠵᠢᠯ ᠢ ᠪᠠᠳᠦᠳᠡᠢ ᠰᠠᠶᠢᠨ ᠦᠷᠨᠢᠭᠦᠯᠭᠦ ᠶᠢᠨ ᠲᠦᠯᠦᠭᠡ᠂ ᠲᠣᠰ ᠬᠤᠷᠢᠶ᠎ᠡ ᠨᠢ ᠲᠣᠰᠬᠠᠢ ᠠᠵᠢᠯ ᠤᠨ ᠣᠳᠣᠷᠢᠳᠬᠤ ᠲᠣᠭᠤᠶᠢᠯᠠᠩ ᠪᠠᠶᠢᠭᠤᠯᠵᠦ᠂ ᠲᠣᠰᠬᠠᠢ ᠪᠠᠶᠢᠴᠠᠭᠠᠬᠤ ᠺᠠᠳᠠᠷ ᠢ ᠲᠣᠭᠢᠷᠠᠭᠤᠯᠵᠦ ᠪᠣᠳᠡᠳᠡᠢ ᠠᠵᠢᠯ ᠢ ᠬᠠᠷᠢᠭᠤᠴᠠᠭᠤᠯᠵᠦ᠂ ᠭᠠᠷ ᠣᠳᠠᠰᠣᠨ ᠤ ᠣᠬᠤᠷ ᠮᠡᠳᠡᠭᠡ ᠪᠠᠷ ᠲᠠᠮᠵᠢᠭᠤᠯᠣᠨ ᠪᠦᠭᠦ ᠬᠤᠰᠢᠭᠤᠨ ᠎ ᠤ ᠺᠠᠳᠠᠷ ᠣᠯᠠᠨ ᠲᠦᠮᠡᠨ ᠳᠤ ᠣᠬᠠᠭᠤᠯᠣᠨ ᠮᠡᠳᠡᠭᠳᠡᠭᠦ ᠶᠢᠨ ᠬᠠᠮᠳᠦ᠂ ᠣᠳᠣᠷᠢᠳᠬᠤ ᠪᠠᠭ ᠤᠨ ᠭᠡᠰᠢᠭᠦᠳ ᠭᠠᠷᠠᠭ ᠪᠦᠷᠢ ᠶᠢᠨ ᠲᠦᠷᠪᠡᠨ ᠳᠤ ᠡᠭᠡᠯᠵᠢᠯᠡᠨ ᠰᠣᠷᠪᠣᠯᠵᠢᠯᠡᠯ ᠭᠦᠯᠢᠶᠡᠭᠦ ᠲᠦᠷᠢᠮ ᠢ ᠭᠡᠷᠡᠭᠵᠢᠭᠦᠯᠵᠦ᠂ ᠮᠠᠯᠴᠢᠳ ᠤᠨ ᠢᠯᠡᠴᠢᠯᠡᠨ ᠵᠠᠭᠠᠯᠳᠣᠵᠦ ᠭᠤᠮᠣᠳᠡᠯ ᠲᠣᠭᠠᠴᠢᠬᠤ ᠳᠤ ᠰᠠᠭᠠᠳ ᠦᠭᠡᠢ ᠪᠠᠶᠢᠬᠤ ᠶᠢ ᠪᠠᠳᠣᠯᠠᠨ᠎ᠠ᠃      ᠬᠠᠦᠯᠢ ᠴᠠᠭᠠᠵᠠ ᠶᠢᠨ ᠭᠢᠨᠠᠯᠳᠡ ᠲᠠᠯᠪᠢᠬᠤ ᠲᠠᠰᠤᠭ ᠨᠢ ᠮᠠᠨᠳᠠᠯᠳᠦ ᠪᠠᠯᠭᠠᠰᠣᠨ ᠤ ᠲᠠᠷᠬᠠᠨ ᠰᠠᠭᠤᠭᠠᠯᠢ ᠠᠷᠠᠳ ᠤᠨ ᠲᠣᠭᠤᠷᠢᠭ ᠤᠨ ᠵᠡᠭᠦᠨ ᠡᠭᠦᠳᠡᠨ ᠤ ᠬᠤᠶᠢᠨ᠎ᠠ ᠲᠠᠯ᠎ᠠ ᠳᠤ᠂ ᠬᠤᠰᠢᠭᠤ ᠠᠭᠤᠳᠡᠮ ᠲᠠᠯᠠᠪᠠᠢ ᠶᠢᠨ ᠡᠰᠡᠷᠭᠦ ᠲᠠᠯ᠎ᠠ ᠶᠢᠨ ᠬᠤᠶᠠᠷ ᠲᠠᠪᠬᠤᠷᠯᠢᠭ ᠵᠡᠭᠡᠯᠢ ᠨᠢᠭᠤᠷᠯᠠᠭᠰᠠᠨ ᠠᠰᠠᠷ ᠲᠤ ᠪᠠᠶᠢᠷᠢᠯᠡᠵᠦ ᠪᠣᠢ᠃      ᠬᠠᠷᠢᠯᠴᠠᠬᠤ ᠭᠦᠮᠦᠨ᠄ ᠰᠣᠶᠣᠯᠳᠦ ᠬᠠᠷᠢᠯᠴᠠᠬᠤ ᠣᠳᠠᠰᠦ᠄ 13904799643      ᠮᠠᠯᠴᠢᠳ ᠮᠢᠨᠢ᠂ ᠬᠠᠦᠯᠢ ᠴᠠᠭᠠᠵᠠ ᠶᠢᠨ ᠲᠣᠬᠠᠢ ᠮᠠᠳᠠᠭ ᠡᠷᠡᠭᠡᠯᠵᠡᠭᠡ ᠲᠠᠢ ᠪᠠᠶᠢᠬᠤ ᠪᠣᠶᠣ ᠶᠠᠮᠠᠷ ᠨᠢᠭᠡᠨ ᠲᠣᠰᠬᠠᠬᠤ ᠠᠰᠠᠭᠤᠳᠡᠯ ᠪᠠᠶᠢᠪᠡᠯ ᠪᠢᠳᠡᠨ ᠢ ᠡᠷᠢᠵᠦ ᠢᠷᠡᠭᠡᠷᠡᠢ︕      ᠲᠨ ᠪᠦᠭᠦᠨ ᠳᠤ ᠰᠠᠶᠢᠨ ᠰᠠᠶᠢᠬᠠᠨ ᠢ ᠭᠦᠰᠡᠶ᠎ᠡ︕
     
 
ᠢᠷᠡᠯᠲᠡ᠄ ᠰᠦᠨᠢᠳ ᠵᠡᠬᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠎ ᠤ ᠠᠯᠪᠠᠨ ᠬᠡᠷ ᠠᠴᠠ ᠬᠠᠨᠭ᠍ᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号