ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠡ ᠨᠢ ᠲᠣᠰᠢᠶᠡᠯ ᠤᠨ ᠶᠠᠯᠠᠳᠦ ᠭᠡᠷᠡᠭ ᠢ ᠰᠡᠷᠭᠡᠶᠢᠯᠡᠭᠦ ᠰᠡᠷᠡᠮᠵᠢᠯᠡᠭᠦᠯᠭᠦ ᠭᠦᠮᠦᠵᠢᠯ ᠤᠨ ᠰᠠᠭᠤᠷᠢᠨ ᠭᠠᠵᠠᠷ ᠲᠠᠢ ᠪᠣᠯᠪᠡ
ᠨᠡᠶᠢᠲᠡᠯᠡᠭᠰᠡᠨ ᠴᠠᠭ᠄
2012/4/26
              ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠡ ᠨᠢ               ᠲᠣᠰᠢᠶᠡᠯ ᠤᠨ ᠶᠠᠯᠠᠳᠦ ᠭᠡᠷᠡᠭ ᠢ ᠰᠡᠷᠭᠡᠶᠢᠯᠡᠭᠦ ᠰᠡᠷᠡᠮᠵᠢᠯᠡᠭᠦᠯᠭᠦ               ᠭᠦᠮᠦᠵᠢᠯ ᠤᠨ ᠰᠠᠭᠤᠷᠢᠨ ᠭᠠᠵᠠᠷ ᠲᠠᠢ ᠪᠣᠯᠪᠡ      ᠰᠦᠨᠢᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠡ ᠨᠢ ᠣᠶᠢᠷ᠎ᠡ ᠶᠢᠨ ᠵᠢᠯ ᠤᠨ ᠲᠣᠷᠰᠢ ᠲᠣᠰᠢᠶᠡᠯ ᠤᠨ ᠶᠠᠯᠠᠳᠦ ᠭᠡᠷᠡᠭ ᠢ ᠣᠷᠢᠣᠴᠢᠯᠠᠨ ᠰᠡᠷᠭᠡᠶᠢᠯᠡᠭᠦ ᠶᠢ ᠠᠵᠢᠯ ᠤᠨ ᠢᠶᠠᠨ ᠭᠤᠣᠯᠳᠠᠯᠭ᠎ᠠ ᠪᠣᠯᠭᠠᠨ ᠰᠠᠶᠢᠳᠣᠷ ᠠᠳᠬᠤᠵᠦ᠂ ᠲᠣᠰᠢᠶᠡᠯ ᠤᠨ ᠶᠠᠯᠠᠳᠦ ᠭᠡᠷᠡᠭ ᠢ ᠰᠡᠷᠭᠡᠶᠢᠯᠡᠭᠦ ᠠᠵᠢᠯ ᠤᠨ ︽134︾ ᠭᠡᠯᠪᠡᠷᠢ ᠵᠡᠷᠭᠡ ᠪᠦᠳᠦᠮᠵᠢᠳᠡᠢ ᠠᠷᠭ᠎ᠠ ᠭᠡᠯᠪᠡᠷᠢ ᠶᠢ ᠰᠦᠪᠡᠭᠴᠢᠯᠡᠨ ᠭᠡᠷᠡᠭᠵᠢᠭᠦᠯᠵᠦ᠂ ᠢᠯᠡᠳᠳᠡ ᠠᠮᠵᠢᠯᠳᠡ ᠣᠯᠣᠭᠰᠠᠨ ᠰᠠᠭᠤᠷᠢᠨ ᠲᠡᠭᠡᠷ᠎ᠡ᠂ ᠦᠨᠦ ᠵᠢᠯ ᠤᠨ ᠡᠭᠢᠨ ᠳᠤ 20 ᠭᠠᠷᠣᠢ ᠲᠦᠮᠡᠨ ᠲᠦᠭᠦᠷᠢᠭ ᠵᠠᠷᠣᠴᠠᠭᠤᠯᠵᠦ᠂ ᠲᠣᠰᠬᠠᠢ ᠲᠣᠰᠢᠶᠡᠯ ᠤᠨ ᠶᠠᠯᠠᠳᠦ ᠭᠡᠷᠡᠭ ᠢ ᠰᠡᠷᠭᠡᠶᠢᠯᠡᠭᠦ ᠰᠡᠷᠡᠮᠵᠢᠯᠡᠭᠦᠯᠭᠦ ᠭᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠪᠡ᠃ ᠡᠨᠡᠭᠦ ᠰᠠᠭᠤᠷᠢᠨ ᠭᠠᠵᠠᠷ ᠨᠢ 60 ᠭᠠᠷᠣᠢ ᠲᠡᠭᠰᠢ ᠲᠦᠷᠪᠡᠯᠵᠢᠨ ᠮᠧᠲᠷ ᠲᠠᠯᠠᠪᠠᠢ ᠪᠦᠭᠦᠢ ᠲᠣᠰᠬᠠᠢ ᠦᠷᠦᠭᠡᠨ ᠳᠤ᠂ ᠲᠦᠷᠰᠦ᠂ ᠲᠠᠭᠤᠣ᠂ ᠭᠡᠷᠡᠯ᠂ ᠴᠠᠭᠢᠯᠭᠠᠨ ᠢ ᠨᠢᠭᠡᠳᠦᠭᠦᠯᠦᠭᠰᠡᠨ ᠣᠳᠣᠭᠢᠴᠢᠯᠠᠭᠰᠠᠨ ᠮᠠᠷᠭᠡᠵᠢᠯ ᠢᠶᠠᠷ ᠠᠷᠢᠭᠤᠨ ᠴᠢᠭᠡᠴᠢ ᠶᠢᠨ ᠵᠢᠱᠢᠶᠡᠴᠢ᠂ ᠰᠡᠷᠡᠮᠵᠢ  ᠶᠢᠨ ᠬᠤᠩᠬ᠎ᠠ᠂ ᠭᠡᠮᠰᠢᠯ ᠲᠦᠷᠦᠭᠳᠡᠯ᠂ ᠬᠠᠦᠯᠢ ᠴᠠᠭᠠᠵᠠ ᠵᠡᠷᠭᠡ ᠣᠯᠠᠨ ᠠᠭᠤᠯᠭ᠎ᠠ ᠶᠢ ᠬᠠᠮᠣᠷᠴᠦ᠂ ᠡᠯᠧᠺᠲᠷᠣᠨ ᠨᠣᠮ᠂ ᠡᠯᠧᠺᠲᠷᠣᠨ ᠦᠭᠡ ᠦᠯᠡᠳᠡᠭᠡᠭᠦ ᠲᠠᠪᠴᠠᠩ ᠵᠡᠷᠭᠡ ᠲᠣᠨᠣᠭᠯᠠᠯ ᠢ ᠪᠦᠷᠢᠳᠦᠭᠦᠯᠦᠨ᠂ ᠪᠣᠳᠡᠳᠦ ᠵᠢᠱᠢᠶ᠎ᠡ ᠪᠠᠷ ᠬᠠᠦᠯᠢ ᠴᠠᠭᠠᠵᠠ ᠶᠢ ᠲᠠᠶᠢᠯᠪᠦᠷᠢᠯᠡᠨ᠂ ᠣᠳᠣᠭᠢᠴᠢᠯᠠᠭᠰᠠᠨ ᠰᠣᠷᠠᠭ ᠴᠢᠮᠡᠭᠡᠨ ᠤ ᠲᠣᠨᠣᠭᠯᠠᠯ ᠢ ᠠᠰᠢᠭᠯᠡᠵᠦ᠂ ᠨᠢᠭᠡᠨ ᠦᠪᠡᠷᠮᠢᠴᠠ ᠣᠨᠴᠠᠯᠢᠭ ᠪᠦᠭᠦᠢ ᠲᠣᠰᠬᠠᠢ ᠭᠦᠮᠦᠵᠢᠯ ᠤᠨ ᠣᠷᠴᠢᠨ ᠢ ᠪᠦᠷᠢᠯᠳᠦᠭᠦᠯᠵᠦ᠂ ᠪᠦᠭᠦ ᠬᠤᠰᠢᠭᠤᠨ ᠤ ᠰᠠᠷᠡᠮᠵᠢᠯᠡᠭᠦᠯᠭᠦ ᠭᠦᠮᠦᠵᠢᠯ ᠤᠨ ᠵᠢᠱᠢᠶ᠎ᠡ ᠦᠵᠡᠭᠦᠯᠭᠦ ᠰᠠᠭᠤᠷᠢᠨ ᠢᠶᠠᠷ ᠲᠣᠭᠳᠠᠭᠠᠭᠳᠠᠵᠦ᠂ ᠢᠯᠵᠡᠷᠡᠮᠡᠯ ᠢ ᠡᠰᠡᠷᠭᠦᠴᠡᠵᠦ ᠠᠷᠢᠭᠤᠨ ᠴᠢᠭᠡᠴᠢ ᠶᠢ ᠡᠷᠭᠢᠮᠯᠡᠭᠦ ᠭᠦᠮᠦᠵᠢᠯ ᠤᠨ ᠪᠦᠳᠦᠮᠵᠢᠳᠡᠢ ᠵᠠᠭᠤᠴᠢ ᠪᠣᠯᠵᠠᠢ᠃ ᠡᠭᠦᠪᠡᠷ ᠪᠠᠷᠠᠬᠤ ᠦᠭᠡᠢ ᠲᠣᠰ ᠬᠤᠷᠢᠶ᠎ᠡ ᠨᠢ ᠠᠰᠠᠷ ᠤᠨ ᠭᠤᠳᠣᠮᠵᠢ᠂ ᠱᠠᠳᠦ ᠵᠡᠷᠭᠡ ᠢᠯᠨ ᠭᠡᠰᠡᠭ ᠢ ᠠᠰᠢᠭᠯᠡᠨ ᠣᠳᠬ᠎ᠠ ᠭᠦᠨ ᠠᠭᠤᠯᠭ᠎ᠠ ᠰᠡᠪᠡᠭᠦᠨ ᠠᠷᠢᠭᠤᠨ ᠴᠢᠭᠡᠴᠢ ᠶᠢᠨ ᠭᠦᠮᠦᠵᠢᠯ ᠤᠨ ᠲᠣᠬᠠᠢ ᠵᠢᠷᠤᠭ᠂ ᠪᠢᠴᠢᠭᠡᠰᠦ ᠶᠢ ᠡᠯᠭᠦᠭᠰᠡᠨ ᠢᠶᠠᠷ᠂ ᠦᠷᠦᠭᠡᠨ ᠤ ᠭᠠᠳᠠᠨ᠎ᠠ ᠲᠣᠳᠣᠨ᠎ᠡ ᠬᠠᠷᠢᠯᠴᠠᠨ ᠠᠪᠣᠴᠠᠯᠳᠣᠵᠦ᠂ ᠲᠦᠪ ᠴᠢᠩᠭ᠎ᠠ ᠭᠦᠮᠦᠵᠢᠯ ᠤᠨ ᠣᠷᠴᠢᠨ ᠨᠢ ᠲᠣᠭᠤᠷᠢᠨ ᠰᠣᠷᠣᠯᠴᠠᠭᠰᠡᠳ ᠲᠤ ᠦᠪᠡᠷ ᠤᠨ ᠡᠷᠭᠡ ᠦᠭᠡᠢ ᠢᠯᠵᠡᠷᠡᠮᠡᠯ ᠢ ᠡᠰᠡᠷᠭᠦᠴᠠᠵᠦ ᠠᠷᠢᠭᠤᠨ ᠴᠢᠭᠡᠴᠢ ᠶᠢ ᠡᠷᠭᠢᠮᠯᠡᠭᠦ ᠶᠢᠨ ᠴᠢᠬᠤᠯᠨ ᠴᠢᠨᠠᠷ ᠢ ᠰᠡᠷᠡᠯ ᠮᠡᠳᠡᠷᠡᠮᠵᠢ ᠳᠤ ᠨᠢ ᠭᠦᠷᠭᠡᠵᠦ᠂ ᠰᠡᠳᠭᠢᠯ ᠤᠨ ᠭᠦᠨ ᠳᠤ ᠨᠢ ᠰᠡᠷᠡᠮᠵᠢ  ᠶᠢᠨ ᠬᠤᠩᠬᠤ ᠶᠢ ᠲᠡᠯᠡᠳᠳᠡᠭ ᠪᠠᠶᠢᠨ᠎ᠠ᠃      ᠣᠳᠣ ᠡᠨᠡᠭᠦ ᠰᠡᠷᠡᠮᠵᠢᠯᠡᠭᠦᠯᠭᠦ ᠭᠦᠮᠦᠵᠢᠯ ᠤᠨ ᠰᠠᠭᠤᠷᠢᠨ ᠭᠠᠵᠠᠷ ᠨᠢ ᠠᠰᠢᠭᠯᠠᠯᠳᠡ ᠳᠤ ᠣᠷᠣᠭᠰᠠᠨ ᠠᠴᠠ ᠨᠠᠰᠢ᠂ ᠪᠦᠭᠦ ᠬᠤᠰᠢᠭᠤᠨ ᠤ ᠣᠯᠣᠰ ᠲᠦᠷᠦ ᠬᠠᠦᠯᠢ ᠴᠠᠭᠠᠵᠠ ᠶᠢᠨ ᠰᠢᠰᠲ᠋ᠧᠮ ᠤᠨ ᠺᠠᠳᠠᠷ ᠴᠠᠭᠳᠠᠭ᠎ᠠ ᠵᠢᠴᠢ ᠰᠢᠨ᠎ᠡ ᠪᠠᠷ ᠲᠣᠰᠢᠶᠡᠯ ᠳᠤ ᠲᠣᠮᠢᠯᠠᠭᠳᠠᠭᠰᠠᠨ ᠰᠠᠯᠠᠭ᠎ᠠ ᠲᠡᠰ ᠤᠨ ᠺᠠᠳᠠᠷ ᠪᠡ ᠰᠠᠭᠢᠯᠭ᠎ᠠ ᠪᠡᠳᠦ ᠪᠠᠶᠢᠴᠠᠭᠠᠬᠤ ᠰᠢᠰᠲ᠋ᠧᠮ ᠤᠨ ᠺᠠᠳᠠᠷᠴᠣᠳ ᠨᠠᠶᠢᠳᠡ 300 ᠭᠠᠷᠣᠢ ᠭᠦᠮᠦᠨ 10 ᠭᠠᠷᠣᠢ ᠣᠳᠠᠭ᠎ᠠ ᠲᠣᠭᠤᠷᠢᠨ ᠰᠣᠷᠣᠯᠴᠠᠵᠦ᠂ ᠲᠣᠰ ᠬᠤᠷᠢᠶ᠎ᠡ ᠨᠢ ᠦᠨᠡᠠᠭᠦ ᠨᠢᠭᠡᠨ ᠨᠡᠷ᠎ᠡ ᠨᠢᠳᠡᠷ ᠲᠡᠭᠡᠨ ᠲᠡᠩᠴᠡᠭᠰᠨ ᠲᠣᠰᠢᠶᠡᠯ ᠤᠨ ᠶᠠᠯᠠᠳᠦ ᠭᠡᠷᠡᠭ ᠢ ᠰᠡᠷᠭᠡᠶᠢᠯᠡᠭᠦ ᠰᠡᠷᠡᠮᠵᠢᠯᠡᠭᠦᠯᠭᠦ ᠭᠦᠮᠦᠵᠢᠯ ᠤᠨ ᠰᠠᠭᠤᠷᠢᠨ ᠭᠠᠵᠠᠷ ᠪᠣᠯᠵᠦ᠂ ᠦᠢᠯᠡᠳᠦᠯ ᠴᠢᠳᠡᠪᠭᠢ ᠪᠠᠨ ᠪᠦᠷᠢᠨ ᠪᠠᠳᠠᠷᠠᠭᠤᠯᠵᠦ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠠᠴᠠ ᠬᠠᠨᠭ᠍ᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号