ᠠᠷᠠᠳ ᠤᠨ ᠶᠠᠪᠤᠳᠠᠯ ᠤᠨ ᠳᠤᠪᠴᠢᠶᠠᠨ ᠤ 2012 ᠤᠨ ᠤ ᠳᠡᠭᠡᠷ᠎ᠡ ᠬᠠᠭᠠᠰ ᠵᠢᠯ ᠤᠨ ᠠᠵᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2012/8/6
             ᠠᠷᠠᠳ ᠤᠨ ᠶᠠᠪᠤᠳᠠᠯ ᠤᠨ ᠳᠤᠪᠴᠢᠶᠠᠨ ᠤ 2012 ᠤᠨ ᠤ              ᠳᠡᠭᠡᠷ᠎ᠡ ᠬᠠᠭᠠᠰ ᠵᠢᠯ ᠤᠨ ᠠᠵᠢᠯ ᠤᠨ ᠠᠬᠢᠴᠠ ᠶᠢᠨ ᠪᠠᠶᠢᠳᠠᠯ      ᠨᠢᠭᠡ᠂ ᠬᠤᠲᠠ ᠬᠦᠳᠡᠭᠡ ᠶᠢᠨ ᠨᠡᠶᠢᠭᠡᠮ ᠤᠨ ᠳᠤᠰᠠᠯᠠᠮᠵᠢ ᠶᠢᠨ ᠠᠵᠢᠯ       — — ᠬᠤᠲᠠ ᠪᠠᠯᠭᠠᠰᠤᠨ ᠤ ᠳᠤᠤᠷ᠎ᠠ ᠪᠠᠲᠦᠯᠠᠭ᠎ᠠ ᠶᠢᠨ ᠠᠵᠢᠯ᠄ ᠪᠦᠬᠦ ᠬᠤᠰᠢᠭᠤᠨ ᠳᠤ ᠬᠤᠲᠠ ᠪᠠᠯᠭᠠᠰᠤᠨ ᠤ ᠳᠤᠤᠷ᠎ᠠ ᠪᠠᠲᠦᠯᠠᠭ᠎ᠠ ᠶᠢᠨ ᠨᠢᠭᠤᠷᠯᠡᠯ 602 ᠡᠷᠦᠬᠡ 844 ᠬᠦᠮᠦᠨ ᠪᠠᠶᠢᠨ᠎ᠡ᠃ 2012 ᠤᠨ ᠳᠤ᠂ ᠮᠠᠨ ᠤ ᠬᠤᠰᠢᠭᠤᠨ ᠤ ᠬᠤᠲᠠ ᠶᠢᠨ ᠰᠠᠭᠤᠭᠠᠯᠢ ᠠᠷᠡᠤᠨ ᠤᠨ ᠳᠤᠤᠷ᠎ᠠ ᠪᠠᠲᠦᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠰᠠᠷ᠎ᠡ ᠳᠤ 50 ᠲᠦᠭᠦᠷᠢᠭ ᠨᠡᠮᠡᠭᠳᠡᠬᠦᠯᠵᠤ᠂ 2011 ᠤᠨ ᠤ 330 ᠲᠦᠭᠦᠷᠢᠭ ᠠᠴᠠ ᠨᠡᠮᠡᠭᠳᠡᠬᠦᠯᠤᠨ 380 ᠲᠦᠭᠦᠷᠢᠭ ᠲᠤ ᠬᠦᠷᠭᠡᠪᠡ᠃ ᠨᠦᠬᠦᠪᠦᠷᠢ ᠶᠢᠨ ᠪᠠᠷᠢᠮᠵᠢᠶ᠎ᠠ ᠶᠢ ᠬᠥᠮᠤᠨ ᠪᠦᠷᠢ ᠰᠠᠷ᠎ᠠ ᠳᠤ 50 ᠲᠦᠭᠦᠷᠢᠭ ᠨᠡᠮᠡᠭᠳᠡᠬᠦᠯᠵᠤ᠂ 2011 ᠤᠨ ᠤ 289 ᠲᠦᠭᠦᠷᠢᠭ ᠠᠴᠠ ᠨᠡᠮᠡᠭᠳᠡᠬᠦᠯᠤᠨ 339 ᠲᠦᠭᠦᠷᠢᠭ ᠲᠤ ᠬᠦᠷᠭᠡᠪᠡ ︵ᠡᠭᠦᠨ ᠳᠤ᠄ A ᠲᠦᠷᠦᠯ 570 ᠲᠦᠭᠦᠷᠢᠭ᠂ B ᠲᠦᠷᠦᠯ 346 ᠲᠦᠭᠦᠷᠢᠭ᠂ C ᠲᠦᠷᠦᠯ 241 ᠲᠦᠭᠦᠷᠢᠭ︶᠃ ᠳᠡᠭᠡᠷ᠎ᠡ ᠬᠠᠭᠠᠰ ᠵᠢᠯ ᠳᠤ᠂ ᠬᠤᠲᠠ ᠪᠠᠯᠭᠠᠰᠤᠨ ᠤ ᠳᠤᠤᠷ᠎ᠠ ᠪᠠᠲᠦᠯᠠᠭ᠎ᠠ ᠶᠢᠨ ᠮᠥᠩᠬᠦ ᠪᠦᠬᠦ ᠨᠡᠶᠢᠲᠡ 199.96 ᠲᠦᠮᠡᠨ ᠲᠦᠭᠦᠷᠢᠭ ᠲᠠᠷᠬᠠᠭᠠᠵᠤ᠂ ᠡᠭᠦᠨ ᠳᠤ᠄ ᠪᠠᠲᠦᠯᠠᠭᠠᠨ ᠤ ᠮᠥᠩᠭᠦ 173.77 ᠲᠦᠮᠡᠨ ᠲᠦᠭᠦᠷᠢᠭ᠂ ᠲᠦᠷ ᠴᠠᠭ ᠤᠨ ᠳᠤᠰᠠᠯᠠᠮᠵᠢ ᠶᠢᠨ ᠮᠥᠩᠬᠦ 26.19 ᠲᠦᠮᠡᠨ ᠲᠦᠭᠦᠷᠢᠭ ᠪᠤᠢ᠃      — — ᠮᠠᠯᠵᠢᠬᠤ ᠤᠷᠤᠨ ᠤ ᠳᠤᠤᠷ᠎ᠠ ᠪᠠᠲᠦᠯᠠᠭ᠎ᠠ ᠶᠢᠨ ᠠᠵᠢᠯ᠄ ᠪᠦᠬᠦ ᠬᠤᠰᠢᠭᠤᠨ ᠳᠤ ᠮᠠᠯᠵᠢᠬᠤ ᠤᠷᠤᠨ  ᠤ ᠳᠤᠤᠷ᠎ᠠ ᠪᠠᠲᠦᠯᠠᠭ᠎ᠠ ᠶᠢᠨ ᠨᠢᠭᠤᠷᠯᠡᠯ 1001 ᠡᠷᠦᠬᠡ 1489 ᠬᠦᠮᠦᠨ ᠪᠡᠶᠢᠨ᠎ᠡ᠃ 2012 ᠤᠨ ᠳᠤ ᠮᠠᠨ ᠤ ᠬᠤᠰᠢᠭᠤᠨ ᠤ ᠮᠠᠯᠵᠢᠬᠤ ᠤᠷᠤᠨ ᠤ ᠳᠤᠤᠷ᠎ᠠ ᠪᠠᠲᠦᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠵᠢᠯ ᠳᠤ 580 ᠲᠦᠭᠦᠷᠢᠭ ᠨᠡᠮᠡᠭᠳᠡᠬᠦᠯᠵᠤ᠂ ᠵᠢᠯ ᠤᠨ ᠪᠠᠷᠢᠮᠵᠢᠶ᠎ᠠ ᠨᠢ 2011 ᠤᠨ ᠤ 2000 ᠲᠦᠭᠦᠷᠢᠭ ᠠᠴᠠ ᠨᠡᠮᠡᠭᠳᠡᠬᠦᠯᠤᠨ 2580 ᠲᠦᠭᠦᠷᠢᠭ ᠲᠤ ᠬᠦᠷᠭᠡᠪᠡ᠃ ᠨᠦᠬᠦᠪᠦᠷᠢ ᠶᠢᠨ ᠪᠠᠷᠢᠮᠵᠢᠶ᠎ᠠ ᠶᠢ ᠬᠦᠮᠦᠨ ᠪᠦᠷᠢ ᠵᠢᠯ ᠳᠤ 246 ᠲᠦᠭᠦᠷᠢᠭ ᠨᠡᠮᠡᠭᠳᠡᠬᠦᠯᠵᠤ᠂ 2011 ᠤᠨ ᠤ ᠵᠢᠯ ᠤᠨ ᠬᠦᠮᠦᠨ ᠪᠦᠷᠢ ᠳᠡᠭᠰᠢᠳᠬᠡᠭᠡᠳ 1614 ᠲᠦᠭᠦᠷᠢᠭ ᠠᠴᠠ ᠨᠡᠮᠡᠭᠳᠡᠬᠦᠯᠤᠨ 1860 ᠲᠦᠭᠦᠷᠢᠭ ᠲᠤ ᠬᠦᠷᠭᠡᠪᠡ ︵ᠡᠭᠦᠨ ᠳᠤ᠄ A ᠲᠦᠷᠦᠯ 4500 ᠲᠦᠭᠦᠷᠢᠭ᠂ B ᠲᠦᠷᠦᠯ 1985 ᠲᠦᠭᠦᠷᠢᠭ᠂ C ᠲᠦᠷᠦᠯ 1300 ᠲᠦᠭᠦᠷᠢᠭ︶᠃ ᠳᠡᠭᠡᠷ᠎ᠡ ᠬᠠᠭᠠᠰ ᠵᠢᠯ ᠳᠤ᠂ ᠮᠠᠯᠵᠢᠬᠤ ᠤᠷᠤᠨ ᠤ ᠳᠤᠤᠷ᠎ᠠ ᠪᠠᠲᠦᠯᠠᠭ᠎ᠠ ᠶᠢᠨ ᠮᠥᠩᠬᠦ ᠪᠦᠬᠦ ᠨᠡᠶᠢᠲᠡ 188.75 ᠲᠦᠮᠡᠨ ᠲᠦᠭᠦᠷᠢᠭ ᠲᠠᠷᠬᠠᠭᠠᠵᠤ᠂ ᠡᠭᠦᠨ  ᠳᠤ᠄ ᠪᠠᠲᠦᠯᠠᠭᠠᠨ ᠤ ᠮᠥᠩᠭᠦ 151.97 ᠲᠦᠮᠡᠨ ᠲᠦᠭᠦᠷᠢᠭ᠂ ᠲᠦᠷ ᠴᠠᠭ ᠤᠨ ᠳᠤᠰᠠᠯᠠᠮᠵᠢ ᠶᠢᠨ ᠮᠥᠩᠬᠦ 36.78 ᠲᠦᠮᠡᠨ ᠲᠦᠭᠦᠷᠢᠭ ᠪᠤᠢ᠃      — — ᠬᠤᠲᠠ ᠬᠦᠳᠡᠭᠡ ᠶᠢᠨ ᠡᠮᠨᠡᠯᠭᠡ ᠶᠢᠨ ᠳᠡᠳᠬᠦᠮᠵᠢ ᠶᠢᠨ ᠠᠵᠢᠯ᠄ ᠳᠡᠭᠡᠷ᠎ᠡ ᠬᠠᠭᠠᠰ ᠵᠢᠯ ᠳᠤ᠂ ᠮᠠᠯᠵᠢᠬᠤ ᠤᠷᠤᠨ ᠤ ᠡᠮᠨᠡᠯᠭᠡ ᠶᠢᠨ ᠳᠡᠳᠬᠦᠮᠵᠢ ᠶᠢᠨ ᠮᠥᠩᠭᠦ 14.52 ᠲᠦᠮᠡᠨ ᠲᠦᠭᠦᠷᠢᠭ ᠵᠡᠷᠤᠴᠠᠭᠤᠯᠵᠤ᠂ ᠡᠭᠦᠨ ᠳᠤ᠄ ᠬᠦᠨᠳᠦ ᠡᠪᠡᠳᠴᠢᠨ ᠤ ᠳᠡᠳᠬᠦᠮᠵᠢ ᠪᠠ ᠬᠦᠨᠳᠦ ᠡᠪᠡᠳᠴᠢᠨ ᠤ ᠡᠭᠦᠳᠡᠨ ᠡᠮᠨᠡᠯᠭᠡ ᠶᠢᠨ ᠳᠡᠳᠬᠦᠮᠵᠢ ᠬᠦᠷᠳᠡᠭᠰᠠᠨ ᠬᠥᠮᠤᠨ ᠨᠡᠶᠢᠳᠡ 20 ᠨᠡᠷ᠎ᠡ ᠪᠠᠶᠢᠵᠤ᠂ ᠡᠮᠨᠡᠯᠭᠡ ᠶᠢᠨ ᠲᠡᠤᠡᠬᠦᠮᠵᠢ ᠶᠢᠨ ᠮᠦᠩᠬᠦ 5.07 ᠲᠦᠮᠡᠨ ᠲᠦᠭᠦᠷᠢᠭ ᠵᠠᠷᠤᠴᠠᠭᠤᠯᠪᠡ᠂ 1889 ᠨᠡᠷ᠎ᠡ ᠮᠠᠯᠵᠢᠬᠤ ᠤᠷᠤᠨ ᠤ ᠲᠤᠤᠷ᠎ᠡ ᠪᠠᠳᠤᠯᠠᠭ᠎ᠠ ᠶᠢᠨ ᠨᠢᠭᠤᠷᠯᠠᠯ ᠤᠨ ᠬᠤᠷᠰᠢᠬᠰᠠᠨ ᠡᠮᠨᠡᠯᠭᠡ ᠶᠢᠨ ᠰᠦᠢᠤᠡᠬᠡᠯ ᠢ ᠲᠤᠰᠢᠶᠠᠬᠤ ᠳᠤ 9.45 ᠲᠦᠮᠡᠨ ᠲᠦᠭᠦᠷᠢᠭ ᠵᠠᠷᠤᠴᠠᠭᠤᠯᠪᠡ᠂ ᠬᠤᠳᠠ ᠪᠠᠯᠭᠠᠰᠤᠨ ᠤ ᠡᠮᠨᠡᠯᠭᠡ ᠶᠢᠨ ᠳᠡᠳᠬᠦᠮᠵᠢ ᠶᠢᠨ ᠮᠥᠩᠭᠦ 12.37 ᠲᠦᠮᠡᠨ ᠲᠦᠭᠦᠷᠢᠭ ᠵᠠᠷᠤᠴᠠᠭᠤᠯᠵᠤ᠂ ᠡᠭᠦᠨ ᠳᠤ᠄ ᠬᠦᠨᠳᠦ ᠡᠪᠡᠳᠴᠢᠨ ᠤ ᠳᠡᠳᠬᠦᠮᠵᠢ ᠪᠠ ᠬᠦᠨᠳᠦ ᠡᠪᠡᠳᠴᠢᠨ ᠤ ᠡᠭᠦᠳᠡᠨ ᠡᠮᠨᠡᠯᠭᠡ ᠶᠢᠨ ᠳᠡᠳᠬᠦᠮᠵᠢ ᠬᠦᠷᠳᠡᠭᠰᠠᠨ ᠬᠥᠮᠤᠨ ᠨᠡᠶᠢᠳᠡ 33 ᠨᠡᠷ᠎ᠡ ᠪᠠᠶᠢᠵᠤ᠂ ᠡᠮᠨᠡᠯᠭᠡ ᠶᠢᠨ ᠲᠡᠤᠡᠬᠦᠮᠵᠢ ᠶᠢᠨ ᠮᠦᠩᠬᠦ 9.07 ᠲᠦᠮᠡᠨ ᠲᠦᠭᠦᠷᠢᠭ ᠵᠡᠷᠤᠴᠠᠭᠤᠯᠪᠡ᠂ ᠡᠮᠴᠢᠯᠡᠭᠡ ᠠᠴᠠ ᠡᠮᠤᠨᠡᠬᠢ ᠲᠡᠤᠡᠬᠦᠮᠵᠢ ᠬᠦᠷᠳᠡᠭᠰᠠᠨ ᠬᠥᠮᠤᠨ 4 ᠨᠡᠷ᠎ᠡ ᠪᠠᠶᠢᠵᠤ᠂ ᠡᠮᠨᠡᠯᠭᠡ ᠶᠢᠨ ᠳᠡᠳᠬᠦᠮᠵᠢ ᠶᠢᠨ ᠮᠥᠩᠭᠦ 3.3 ᠲᠦᠮᠡᠨ ᠲᠦᠭᠦᠷᠢᠭ ᠵᠡᠷᠤᠴᠠᠭᠤᠯᠪᠡ᠃ ᠬᠤᠲᠠ ᠬᠦᠲᠡᠭᠡ ᠶᠢᠨ ᠭᠦᠨᠲᠦ ᠡᠪᠡᠤᠡᠴᠢᠨ  ᠤ ᠲᠡᠤᠡᠬᠦᠮᠵᠢ ᠶᠢᠨ 《 ᠦᠭᠭᠢᠶᠠᠮᠤᠷ ᠬᠠᠶᠢᠷ᠎ᠠ ᠶᠢᠨ ᠠᠵᠢᠯᠯᠠᠭ᠎ᠠ 》 ᠶᠢᠨ ᠮᠦᠡᠭᠬᠦ ᠪᠦᠬᠦ ᠨᠡᠶᠢᠳᠡ 54.6 ᠲᠦᠮᠠᠨ ᠲᠦᠬᠦᠷᠢᠭ ᠵᠠᠷᠤᠴᠠᠭᠤᠯᠵᠤ᠂ 43 ᠬᠥᠮᠤᠨ ᠲᠡᠤᠡᠬᠦᠪᠡ᠃ 2376 ᠨᠠᠷᠡᠰ ᠬᠤᠳᠡ ᠬᠦᠳᠡᠭᠡ ᠶᠢᠨ ᠬᠦᠴᠢᠷᠳᠡᠯᠲᠠᠢ ᠤᠯᠠᠨ ᠲᠦᠮᠠᠨ ᠳᠤ ᠡᠮᠨᠡᠯᠭᠡ ᠤᠨ ᠲᠠᠭᠠᠤᠬᠠᠬᠯ ᠢ ᠨᠦᠬᠦᠪᠤᠷᠢᠯᠡᠬᠦ ᠰᠦᠢᠤᠡᠭᠡᠯ 28.5 ᠲᠦᠮᠠᠨ ᠲᠦᠬᠦᠷᠢᠭ ᠲᠤᠰᠢᠶᠠᠬᠰᠠᠨ ᠪᠠᠶᠢᠨ᠎ᠡ᠃      — — ᠲᠠᠪᠤᠨ ᠪᠠᠲᠦᠯᠠᠭᠠᠲᠦ ᠡᠷᠦᠬᠡ ᠶᠢ ᠠᠰᠠᠷᠠᠨ ᠲᠡᠵᠢᠭᠡᠬᠦ ᠠᠵᠢᠯ᠄ ᠪᠦᠬᠦ ᠬᠤᠰᠢᠭᠤᠨ ᠳᠤ ᠮᠠᠯᠵᠢᠬᠤ ᠤᠷᠤᠨ ᠤ ᠲᠠᠪᠤᠨ ᠪᠠᠲᠦᠯᠠᠭ᠎ᠠ ᠶᠢᠨ ᠨᠢᠭᠤᠷᠯᠡᠯ 27 ᠡᠷᠦᠬᠡ 27 ᠬᠦᠮᠦᠨ ᠪᠠᠶᠢᠨ᠎ᠡ᠃ ᠡᠭᠦᠨ ᠳᠤ᠄ ᠲᠦᠪᠯᠡᠷᠡᠭᠦᠯᠦᠨ ᠠᠰᠠᠷᠠᠵᠤ ᠪᠠᠶᠢᠭ᠎ᠠ 16 ᠬᠦᠮᠦᠨ᠂ ᠲᠦᠪᠯᠡᠷᠡᠩᠭᠦᠢ ᠪᠤᠰᠤ ᠠᠰᠠᠷᠠᠵᠤ ᠪᠠᠶᠢᠭ᠎ᠠ 11 ᠬᠦᠮᠦᠨ ᠪᠠᠶᠢᠵᠤ᠂ ᠲᠦᠪᠯᠡᠷᠡᠭᠦᠯᠦᠨ ᠠᠰᠠᠷᠠᠬᠤ ᠨᠤᠷᠮ᠎ᠠ 60% ᠳᠤ ᠬᠦᠷᠪᠡ᠃ 2012 ᠤᠨ ᠳᠤ᠂ ᠮᠡᠨ ᠤ ᠬᠤᠰᠢᠭᠤᠨ  ᠤ ᠲᠠᠪᠤᠨ ᠪᠠᠲᠦᠯᠠᠭ᠎ᠠ ᠶᠢᠨ ᠨᠢᠭᠤᠷᠯᠡᠯ ᠤᠨ ᠲᠦᠪᠯᠡᠷᠡᠩᠭᠦᠢ ᠪᠤᠰᠤ ᠠᠰᠠᠷᠠᠬᠤ ᠪᠠᠷᠢᠮᠵᠢᠶ᠎ᠠ ᠶᠢ 2011 ᠤᠨ ᠤ ᠬᠦᠮᠦᠨ ᠪᠦᠷᠢ ᠵᠢᠯ ᠳᠤ 3772 ᠲᠦᠭᠦᠷᠢᠭ ᠪᠠᠶᠢᠬᠰᠠᠨ ᠠᠴᠠ ᠲᠡᠭᠡᠭᠰᠢᠯᠡᠬᠦᠯᠤᠭᠡᠤᠨ 4338 ᠲᠦᠭᠦᠷᠢᠭ ᠲᠤ ᠬᠦᠷᠭᠡᠵᠦ᠂ ᠲᠦᠪᠯᠡᠷᠡᠭᠦᠯᠦᠨ ᠠᠰᠠᠷᠠᠬᠤ ᠪᠠᠷᠢᠮᠵᠢᠶ᠎ᠠ ᠶᠢ 2011 ᠤᠨ ᠤ ᠬᠦᠮᠦᠨ ᠪᠦᠷᠢ ᠵᠢᠯ ᠳᠤ 5400 ᠲᠦᠭᠦᠷᠢᠭ ᠪᠠᠶᠢᠬᠰᠠᠨ ᠠᠴᠠ ᠳᠡᠭᠡᠭᠰᠢᠯᠡᠭᠦᠯᠦᠭᠡᠳ 6767 ᠲᠦᠭᠦᠷᠢᠭ ᠲᠤ ᠬᠦᠷᠭᠡᠪᠡ᠃ ᠳᠡᠭᠡᠷ᠎ᠡ ᠬᠠᠭᠠᠰ ᠵᠢᠯ ᠳᠤ ᠂ ᠲᠠᠪᠤᠨ ᠪᠠᠲᠦᠯᠠᠭ᠎ᠠ ᠶᠢᠨ ᠠᠰᠠᠷᠠᠨ ᠲᠡᠵᠢᠭᠡᠬᠦ ᠮᠦᠩᠬᠦ ᠨᠡᠶᠢᠲᠡ 10.56 ᠲᠦᠮᠡᠨ ᠲᠦᠭᠦᠷᠢᠭ ᠵᠠᠷᠤᠴᠠᠭᠤᠯᠪᠠ᠃ ᠡᠭᠦᠨ ᠳᠤ᠄ ᠲᠦᠪᠯᠡᠷᠡᠭᠦᠯᠦᠨ ᠠᠰᠠᠷᠠᠬᠤ ᠮᠦᠩᠬᠦ 5.08 ᠲᠦᠮᠡᠨ ᠲᠦᠭᠦᠷᠢᠭ᠂ ᠲᠦᠪᠯᠡᠷᠡᠩᠭᠦᠢ ᠪᠤᠰᠤ ᠠᠰᠠᠷᠠᠬᠤ ᠮᠦᠩᠬᠦ 3.04 ᠲᠦᠮᠡᠨ ᠲᠦᠭᠦᠷᠢᠭ᠂ ᠴᠠᠭᠠᠨ ᠰᠠᠷ᠎ᠡ ᠠᠴᠠ ᠡᠮᠤᠨᠡᠬᠢ ᠲᠦᠷ ᠴᠠᠭ ᠤᠨ ᠲᠤᠰᠠᠯᠠᠮᠵᠢ 0.6 ᠲᠦᠮᠠᠨ ᠲᠦᠬᠦᠷᠢᠭ᠂ ᠬᠦᠷᠢᠶᠠᠯᠡᠩ ᠤᠨ ᠠᠷᠡᠤᠨ ᠤᠨ ᠠᠮᠢᠳᠤᠷᠠᠯ ᠤᠨ ᠰᠦᠢᠤᠡᠭᠡᠯ 1.84 ᠲᠦᠮᠠᠨ ᠲᠦᠬᠦᠷᠢᠭ ᠪᠤᠢ᠃     ᠬᠤᠶᠠᠷ᠂ ᠭᠠᠮᠰᠢᠭ ᠠᠴᠠ ᠠᠪᠤᠷᠠᠨ ᠳᠡᠳᠬᠦᠬᠦ ᠠᠵᠢᠯ      ᠳᠡᠭᠡᠷ᠎ᠡ ᠬᠠᠭᠠᠰ ᠵᠢᠯ ᠳᠤ᠂ ᠭᠠᠮᠰᠢᠭ ᠠᠴᠠ ᠠᠪᠤᠷᠠᠬᠤ ᠪᠡᠯᠨ ᠮᠦᠩᠭᠦ ᠨᠡᠶᠢᠲᠡ 89.94 ᠲᠦᠮᠡᠨ ᠲᠦᠭᠦᠷᠢᠭ ᠵᠠᠷᠤᠴᠠᠭᠤᠯᠵᠤ᠂ ᠭᠠᠮᠰᠢᠭᠳᠠᠭᠰᠠᠨ ᠠᠷᠠᠳ ᠢ 866 ᠬᠦᠮᠦᠨ ᠤᠳᠠᠭ᠎ᠠ ᠳᠤᠰᠠᠯᠠᠪᠡ᠃ ᠡᠭᠦᠨ ᠳᠤ᠄ ᠰᠢᠭᠤᠳ ᠲᠠᠷᠬᠠᠭᠠᠭᠰᠠᠨ ᠭᠠᠮᠰᠢᠭ ᠠᠴᠠ ᠠᠪᠤᠷᠠᠬᠤ ᠠᠮᠤ ᠬᠦᠨᠡᠰᠦ 2.23 ᠲᠦᠮᠡᠨ ᠺᠢᠯᠤᠭ᠍ᠷᠠᠮ᠂ ᠵᠤᠭᠤᠰ ᠢᠶᠠᠷ ᠨᠤᠭᠤᠯᠤᠨ ᠪᠤᠳᠤᠪᠠᠯ 7.14 ᠲᠦᠮᠡᠨ ᠲᠦᠭᠦᠷᠢᠭ ᠪᠠᠶᠢᠵᠤ᠂ ᠲᠠᠷᠬᠠᠭᠠᠬᠰᠠᠨ ᠲᠦᠷ ᠴᠠᠭ ᠤᠨ ᠳᠤᠰᠠᠯᠠᠮᠵᠢ ᠶᠢᠨ ᠮᠦᠩᠭᠦ 5.8 ᠲᠦᠮᠡᠨ ᠲᠦᠭᠦᠷᠢᠭ᠂ ᠭᠠᠮᠰᠢᠭᠳᠠᠭᠰᠠᠨ ᠠᠷᠠᠳ ᠤᠨ ᠭᠡᠷ ᠪᠠᠶᠢᠰᠢᠩ ᠢ ᠲᠡᠬᠢᠨ ᠪᠠᠶᠢᠭᠤᠯᠬᠤ ᠪᠡ ᠰᠡᠯᠪᠢᠨ ᠵᠠᠰᠠᠭᠰᠠᠨ 28 ᠲᠦᠮᠡᠨ ᠲᠦᠭᠦᠷᠢᠭ᠂ ᠰᠤᠮᠤ ᠪᠠᠯᠭᠠᠰᠤᠨ ᠳᠤ ᠪᠠᠭᠤᠯᠭᠠᠬᠰᠠᠨ 9 ᠲᠦᠮᠡᠨ ᠲᠦᠭᠦᠷᠢᠭ᠂ ᠭᠠᠮᠰᠢᠭ ᠲᠠᠢ ᠲᠡᠮᠴᠡᠵᠤ᠂ ᠭᠠᠮᠰᠢᠭ ᠠᠴᠠ ᠠᠪᠤᠷᠠᠬᠤ ᠡᠪᠡᠰᠤ ᠬᠠᠳᠠᠭᠠᠯᠬᠤ ᠰᠠᠭᠤᠷᠢᠨ ᠭᠠᠵᠠᠷ ᠪᠦᠳᠤᠭᠡᠨ ᠪᠠᠶᠢᠭᠤᠯᠤᠬᠰᠠᠨ 40 ᠲᠦᠮᠠᠨ ᠲᠦᠬᠦᠷᠢᠭ ᠪᠠᠶᠢᠵᠤ᠂ ᠭᠠᠮᠰᠢᠭᠳᠠᠭᠰᠠᠨ ᠭᠠᠵᠡᠷ ᠤᠷᠤᠨ ᠤ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠦᠯᠠᠪᠠ᠃     ᠭᠤᠷᠪᠠ᠂ ᠠᠰᠠᠷᠠᠨ ᠬᠠᠷᠠᠭᠠᠯᠵᠠᠵᠤ ᠳᠦᠪᠬᠢᠨᠡᠭᠦᠯᠬᠦ ᠠᠵᠢᠯ      ᠳᠡᠭᠡᠷ᠎ᠡ ᠬᠠᠭᠠᠰ ᠵᠢᠯ ᠳᠤ᠂ 2010 ᠪᠤᠯᠤᠨ 2011 ᠤᠨ ᠤ ᠳᠤᠬᠢᠷᠠᠭᠤᠯᠬᠤ ᠨᠥᠬᠦᠴᠡᠯ ᠳᠤ ᠨᠡᠶᠢᠴᠡᠭᠰᠡᠨ ᠬᠤᠲᠠ ᠪᠠᠯᠭᠠᠰᠤᠨ ᠤ 29 ᠨᠡᠷ᠎ᠡ ᠬᠠᠯᠠᠭᠳᠠᠭᠰᠠᠨ ᠴᠡᠷᠢᠭ ᠲᠤ ᠠᠵᠢᠯ ᠤᠯᠭᠤᠪᠠ᠃ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ᠂ ᠪᠦᠬᠦ ᠬᠤᠰᠢᠭᠤᠨ ᠤ 51 ᠨᠡᠷ᠎ᠡ ᠬᠠᠷᠠᠭᠠᠯᠵᠠᠯ ᠤᠨ ᠨᠢᠭᠤᠷᠯᠡᠯ᠂ 24 ᠰᠠᠭᠤᠭ᠎ᠠ ᠴᠡᠷᠢᠭ ᠠᠩᠭᠢ ᠶᠢ ᠲᠤᠬᠤᠨᠢᠭᠤᠯᠪᠡ᠃ ᠦᠨᠤ ᠵᠢᠯ᠂ ᠬᠠᠷᠠᠭᠠᠯᠵᠠᠯ ᠤᠨ ᠨᠢᠭᠤᠷᠯᠡᠯ ᠤᠨ ᠠᠮᠢᠳᠤᠷᠡᠯ ᠤᠨ ᠨᠦᠬᠦᠪᠦᠷᠢ ᠶᠢᠨ ᠪᠠᠷᠢᠮᠵᠢᠶ᠎ᠠ ᠶᠢ ᠦᠷᠬᠦᠯᠵᠢᠯᠠᠨ ᠲᠡᠭᠡᠭᠰᠢᠯᠡᠬᠦᠯᠵᠤ᠂ ᠨᠤᠲᠤᠭ ᠲᠠᠭᠠᠨ ᠪᠠᠶᠢᠭ᠎ᠠ ᠠᠬᠠᠮᠠᠳ ᠬᠠᠯᠠᠭᠳᠠᠭᠰᠠᠨ ᠴᠡᠷᠢᠭ ᠤᠨ ᠲᠤᠬᠳᠠᠬᠰᠠᠨ ᠨᠦᠬᠦᠪᠦᠷᠢ ᠶᠢ 150 ᠲᠥᠭᠦᠷᠢᠭ ᠨᠡᠮᠡᠭᠳᠡᠬᠦᠯᠵᠤ᠂ ᠬᠥᠮᠤᠨ ᠪᠦᠷᠢ ᠰᠠᠷ᠎ᠡ ᠳᠤ 827 ᠲᠦᠭᠦᠷᠢᠭ  ᠲᠤ ᠬᠦᠷᠭᠡᠪᠡ᠃ ᠲᠡᠭᠡᠷ᠎ᠡ ᠬᠠᠭᠠᠰ ᠵᠢᠯ ᠬᠠᠷᠠᠭᠠᠯᠵᠠᠯ ᠤᠨ ᠨᠢᠭᠤᠷᠯᠠᠯ ᠤᠨ ᠲᠤᠬᠳᠠᠬᠰᠠᠨ ᠨᠦᠬᠦᠪᠤᠷᠢ ᠮᠦᠡᠭᠬᠦ ᠨᠡᠶᠢᠲᠡ 16.51 ᠲᠥᠮᠡᠨ ᠲᠥᠭᠦᠷᠢᠭ ᠲᠠᠷᠬᠠᠭᠠᠪᠠ᠃ 32 ᠬᠥᠮᠤᠨ ᠤᠳᠠᠭ᠎ᠠ ᠬᠠᠷᠠᠭᠠᠯᠵᠠᠯ ᠤᠨ ᠨᠢᠭᠤᠷᠯᠠᠯ ᠤᠨ ᠡᠮᠨᠡᠯᠭᠡ ᠤᠨ ᠰᠦᠢᠤᠡᠭᠡᠯ ᠤᠨ ᠲᠠᠩᠰᠠ ᠴᠠᠶᠢᠷᠠᠭᠤᠯᠤᠬᠰᠠᠨ ᠮᠦᠡᠭᠬᠦ 2.04 ᠲᠥᠮᠡᠨ ᠲᠥᠭᠦᠷᠢᠭ᠃     ᠳᠦᠷᠪᠡ᠂ ᠨᠡᠶᠢᠭᠡᠮ ᠤᠨ ᠠᠰᠠᠷᠠᠮᠵᠢ ᠶᠢᠨ ᠠᠵᠢᠯ      — — ᠦᠨᠦᠴᠢᠨ ᠬᠡᠤᠬᠡᠳ ᠢ ᠠᠰᠠᠷᠠᠨ ᠲᠡᠵᠢᠭᠡᠬᠦ ᠠᠵᠢᠯ᠄ ᠪᠦᠬᠦ ᠬᠤᠰᠢᠭᠤᠨ ᠳᠤ ᠦᠨᠦᠴᠢᠨ ᠬᠡᠤᠬᠡᠳ 7 ᠨᠡᠷ᠎ᠡ ᠪᠠᠶᠢᠵᠤ᠂ ᠡᠭᠦᠨ ᠳᠤ᠄ ᠲᠦᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ 1 ᠬᠦᠮᠦᠨ᠂ ᠲᠦᠪᠯᠡᠷᠡᠩᠬᠦᠢ ᠪᠤᠰᠤ ᠠᠰᠠᠷᠠᠨ ᠲᠡᠵᠢᠭᠡᠵᠦ ᠪᠠᠶᠢᠭ᠎ᠠ 6 ᠬᠦᠮᠦᠨ ᠪᠤᠢ᠃ 2012 ᠤᠨ ᠳᠤ᠂ ᠦᠨᠦᠴᠢᠨ ᠬᠡᠤᠬᠡᠳ ᠤᠨ ᠲᠦᠪᠯᠡᠷᠡᠭᠦᠯᠦᠨ ᠠᠰᠠᠷᠠᠨ ᠲᠡᠵᠢᠭᠡᠬᠦ ᠪᠡ ᠲᠦᠪᠯᠡᠷᠡᠩᠬᠦᠢ ᠪᠤᠰᠤ ᠠᠰᠠᠷᠠᠨ ᠲᠡᠵᠢᠭᠡᠬᠦ ᠪᠠᠷᠢᠮᠵᠢᠶ᠎ᠠ ᠶᠢ ᠲᠤᠰ ᠪᠦᠷᠢ 100 ᠲᠦᠬᠦᠷᠢᠭ ᠨᠡᠮᠡᠭᠳᠡᠬᠦᠯᠵᠤ᠂ ᠬᠦᠮᠦᠨ ᠪᠦᠷᠢ ᠰᠠᠷ᠎ᠡ ᠳᠤ 1200 ᠲᠦᠭᠦᠷᠢᠭ ᠪᠡ 800 ᠲᠦᠭᠦᠷᠢᠭ ᠲᠤ ᠬᠦᠷᠭᠡᠪᠡ᠃ ᠳᠡᠭᠡᠷ᠎ᠡ ᠬᠠᠭᠠᠰ ᠵᠢᠯ ᠳᠤ ᠦᠨᠦᠴᠢᠨ ᠬᠡᠤᠬᠡᠳ ᠢ ᠠᠰᠠᠷᠠᠨ ᠲᠡᠵᠢᠭᠡᠬᠦ ᠮᠦᠩᠬᠦ ᠪᠥᠬᠦ ᠨᠡᠶᠢᠲᠡ 3.6 ᠲᠥᠮᠡᠨ ᠲᠥᠭᠦᠷᠢᠭ ᠲᠠᠷᠬᠠᠭᠠᠪᠠ᠂ ᠡᠭᠦᠨ ᠳᠤ᠄ ᠲᠦᠪᠯᠡᠷᠡᠭᠦᠯᠦᠨ ᠠᠰᠠᠷᠠᠨ ᠲᠡᠵᠢᠭᠡᠬᠦ ᠮᠦᠩᠬᠦ 0.72 ᠲᠦᠮᠡᠨ ᠲᠦᠭᠦᠷᠢᠭ᠂ ᠲᠦᠪᠯᠡᠷᠡᠩᠬᠦᠢ ᠪᠤᠰᠤ ᠠᠰᠠᠷᠠᠨ ᠲᠡᠵᠢᠭᠡᠬᠦ ᠮᠦᠩᠬᠦ 2.88 ᠲᠦᠮᠡᠨ ᠲᠦᠭᠦᠷᠢᠭ ᠪᠤᠢ᠃      — — ᠬᠤᠲᠠ ᠪᠠᠯᠭᠠᠰᠤᠨ ᠤ 《 ᠭᠤᠷᠪᠡ ᠦᠭᠡᠢ 》 ᠨᠢᠭᠤᠷᠯᠠᠯ ᠤᠨ ᠠᠰᠠᠷᠡᠨ ᠲᠡᠵᠢᠭᠡᠬᠦ ᠠᠵᠢᠯ᠄ ᠪᠥᠬᠦ ᠬᠤᠰᠢᠭᠤᠨ ᠳᠤ ᠬᠤᠳᠡ ᠪᠠᠯᠭᠠᠰᠤᠨ ᠤ 《 ᠭᠤᠷᠪᠡ ᠦᠭᠡᠢ 》 ᠨᠢᠭᠤᠷᠯᠠᠯ 21 ᠬᠥᠮᠤᠨ ᠪᠠᠶᠢᠵᠤ᠂ ᠡᠭᠦᠨ  ᠳᠤ᠄ ᠲᠦᠪᠯᠡᠷᠡᠭᠦᠯᠦᠨ ᠠᠰᠠᠷᠠᠵᠤ ᠪᠠᠶᠢᠭ᠎ᠠ 2 ᠬᠦᠮᠦᠨ᠂ ᠲᠦᠪᠯᠡᠷᠡᠩᠬᠦᠢ ᠪᠤᠰᠤ ᠠᠰᠠᠷᠠᠵᠤ ᠪᠠᠶᠢᠭ᠎ᠠ 19 ᠬᠦᠮᠦᠨ ᠪᠤᠢ᠃ 2012 ᠤᠨ ᠳᠤ᠂ ᠬᠤᠳᠠ ᠪᠠᠯᠭᠠᠰᠤᠨ ᠤ 《 ᠭᠤᠷᠪᠡ ᠦᠭᠡᠢ 》 ᠨᠢᠭᠤᠷᠯᠠᠯ ᠤᠨ ᠲᠦᠪᠯᠡᠷᠡᠭᠦᠯᠦᠨ ᠠᠰᠠᠷᠠᠬᠤ ᠪᠡ ᠲᠦᠪᠯᠡᠷᠡᠩᠭᠦᠢ ᠪᠤᠰᠤ ᠠᠰᠠᠷᠠᠬᠤ ᠪᠠᠷᠢᠮᠵᠢᠶ᠎ᠠ ᠶᠢ ᠲᠤᠰ ᠪᠦᠷᠢ 100 ᠲᠦᠬᠦᠷᠢᠭ ᠨᠡᠮᠡᠭᠳᠡᠬᠦᠯᠵᠤ᠂ ᠬᠥᠮᠤᠨ ᠪᠦᠷᠢ ᠰᠠᠷ᠎ᠡ ᠳᠤ 800 ᠲᠦᠭᠦᠷᠢᠭ ᠪᠠ 600 ᠲᠦᠭᠦᠷᠢᠭ ᠲᠤ ᠬᠦᠷᠭᠡᠪᠡ᠃ ᠳᠡᠭᠡᠷ᠎ᠡ ᠬᠠᠭᠠᠰ ᠵᠢᠯ ᠳᠤ ᠠᠰᠠᠷᠠᠮᠵᠢ ᠶᠢᠨ ᠮᠦᠡᠭᠬᠦ ᠨᠡᠶᠢᠲᠠ 7.8 ᠲᠦᠮᠡᠨ ᠲᠦᠭᠦᠷᠢᠭ ᠲᠠᠷᠬᠠᠭᠠᠪᠠ᠂ ᠡᠭᠦᠨ ᠳᠤ᠄ ᠲᠦᠪᠯᠡᠷᠡᠭᠦᠯᠦᠨ ᠠᠰᠠᠷᠠᠨ ᠲᠡᠵᠢᠭᠡᠬᠦ ᠮᠦᠩᠬᠦ 0.96 ᠲᠦᠮᠡᠨ ᠲᠦᠭᠦᠷᠢᠭ᠂ ᠲᠦᠪᠯᠡᠷᠡᠩᠬᠦᠢ ᠪᠤᠰᠤ ᠠᠰᠠᠷᠠᠨ ᠲᠡᠵᠢᠭᠡᠬᠦ ᠮᠦᠩᠬᠦ 6.84 ᠲᠦᠮᠡᠨ ᠲᠦᠭᠦᠷᠢᠭ ᠪᠤᠢ᠃      — — ᠵᠡᠮᠳᠡᠭ 《 ᠭᠤᠷᠪᠠᠨ ᠠᠷᠠᠳ 》 ᠤᠨ ᠠᠵᠢᠯ᠄ ᠪᠥᠬᠦ ᠬᠤᠰᠢᠭᠤᠨ ᠤ ᠤᠳᠤ ᠪᠠᠶᠢᠭ᠎ᠠ ᠵᠡᠮᠳᠡᠭ 《 ᠭᠤᠷᠪᠠᠨ ᠠᠷᠠᠳ 》70 ᠬᠥᠮᠤᠨ ᠪᠠᠶᠢᠵᠤ᠂ ᠰᠤᠶᠤᠯ ᠤᠨ ᠬᠤᠪᠢᠰᠠᠬᠯ ᠤᠨ ᠦᠶ᠎ᠠ ᠳᠤ ᠲᠡᠮᠡᠴᠡᠭᠳᠡᠭᠰᠠᠨ 《 ᠭᠤᠷᠪᠠᠨ ᠠᠷᠡᠤᠨ 》 ᠤᠨ ᠠᠮᠢᠳᠤᠷᠠᠯ ᠤᠨ ᠨᠦᠬᠦᠪᠤᠷᠢ ᠶᠢᠨ ᠪᠠᠷᠢᠮᠵᠢᠶ᠎ᠠ ᠶᠢ ᠬᠤᠳᠡ ᠪᠠᠯᠭᠠᠰᠣᠨ ᠤ ᠰᠠᠭᠤᠭᠠᠯᠢ ᠠᠷᠡᠤᠨ ᠤᠨ ᠬᠠᠮᠤᠭ ᠤᠨ ᠲᠤᠤᠷ᠎ᠡ ᠠᠮᠢᠳᠤᠷᠡᠯ ᠤᠨ ᠪᠠᠳᠤᠯᠠᠭ᠎ᠠ ᠶᠢᠨ ᠪᠠᠷᠢᠮᠵᠢᠶᠠᠨ ᠤ ᠰᠠᠭᠤᠷᠢᠨ ᠲᠡᠭᠡᠷ᠎ᠡ 100 ᠲᠦᠭᠦᠷᠢᠭ ᠲᠠᠭᠡᠭᠰᠢᠯᠡᠬᠦᠯᠬᠦ ᠪᠠᠷ ᠪᠤᠳᠤᠵᠤ᠂ 2012 ᠤᠨ ᠳᠤ ᠮᠠᠨ ᠤ ᠬᠤᠰᠢᠭᠤᠨ ᠤ ᠰᠤᠶᠤᠯ ᠤᠨ ᠬᠤᠪᠢᠰᠠᠬᠯ  ᠤᠨ ᠦᠶ᠎ᠠ ᠳᠤ ᠲᠡᠮᠡᠴᠡᠭᠳᠡᠭᠰᠠᠨ 《 ᠭᠤᠷᠪᠠᠨ ᠠᠷᠡᠤᠨ 》 ᠤᠨ ᠠᠮᠢᠳᠤᠷᠡᠯ ᠤᠨ ᠨᠦᠬᠦᠪᠤᠷᠢ ᠶᠢᠨ ᠪᠠᠷᠢᠮᠵᠢᠶ᠎ᠠ ᠬᠥᠮᠤᠨ ᠪᠦᠷᠢ ᠰᠠᠷ᠎ᠡ ᠳᠤ 480 ᠲᠦᠭᠦᠷᠢᠭ ᠲᠤ ᠬᠦᠷᠪᠡ᠃ ᠳᠡᠭᠡᠷ᠎ᠡ ᠬᠠᠭᠠᠰ ᠵᠢᠯ ᠳᠤ ᠲᠡᠤᠡᠬᠦᠮᠵᠢ ᠶᠢᠨ ᠮᠦᠡᠭᠬᠦ ᠨᠡᠶᠢᠳᠡ 20.16 ᠲᠦᠮᠡᠨ ᠲᠦᠭᠦᠷᠢᠭ ᠵᠠᠷᠤᠴᠠᠭᠤᠯᠪᠡ᠃    ᠲᠠᠪᠦ᠂ ᠦᠡᠳᠤᠷ ᠨᠠᠰᠤᠳᠡᠤᠨ ᠤᠨ ᠠᠮᠢᠳᠤᠷᠡᠯ ᠤᠨ ᠨᠦᠬᠦᠪᠤᠷᠢ ᠶᠢᠨ ᠠᠵᠢᠯ     ᠪᠦᠬᠦ ᠬᠤᠰᠢᠭᠤᠨ ᠳᠤ ᠤᠳᠤ ᠪᠠᠶᠢᠭ᠎ᠠ ᠪᠥᠬᠦᠯᠢ 80 ᠨᠠᠰᠤ ᠠᠴᠠ ᠲᠡᠭᠡᠭᠰᠢ ᠦᠡᠳᠤᠷ ᠨᠠᠰᠤᠳᠡᠤᠨ 279 ᠬᠥᠮᠤᠨ ᠪᠠᠶᠢᠵᠤ᠂ ᠡᠬᠦᠨ ᠳᠤ᠄ ᠪᠥᠬᠦᠯᠢ 80 — 99 ᠨᠠᠰᠤ ᠲᠠᠢ ᠦᠡᠳᠤᠷ ᠨᠠᠰᠤᠳᠡᠤᠨ 278 ᠬᠥᠮᠤᠨ᠂ ᠪᠥᠬᠦᠯᠢ 100 ᠨᠠᠰᠤ ᠠᠴᠠ ᠲᠡᠭᠡᠭᠰᠢ ᠦᠡᠳᠤᠷ ᠨᠠᠰᠤᠳᠡᠤᠨ 1 ᠬᠥᠮᠤᠨ ᠪᠠᠶᠢᠨ᠎ᠡ᠃ 2012 ᠤᠨ ᠳᠤ ᠪᠥᠬᠦᠯᠢ 80 ᠨᠠᠰᠤ ᠠᠴᠠ ᠲᠡᠭᠡᠭᠰᠢ ᠦᠡᠳᠤᠷ ᠨᠠᠰᠤᠲᠠᠶᠢᠴᠤᠤᠨ ᠲᠤ 《 ᠲᠦᠭᠡᠮᠡᠯ ᠬᠠᠷᠭᠠᠯᠵᠡᠯ 》 ᠤᠨ ᠠᠮᠢᠳᠤᠷᠡᠯ ᠤᠨ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠬᠡᠷᠡᠭᠵᠢᠬᠦᠯᠵᠤ᠂ ᠡᠬᠦᠨ ᠳᠤ᠄ ᠪᠥᠬᠦᠯᠢ 80 — 99 ᠨᠠᠰᠤ ᠲᠠᠢ ᠦᠡᠳᠤᠷ ᠨᠠᠰᠤᠳᠡᠤᠨ ᠲᠤ ᠬᠥᠮᠤᠨ ᠪᠥᠷᠢ ᠰᠠᠷ᠎ᠡ ᠳᠤ 100 ᠲᠦᠭᠦᠷᠢᠭ ᠤᠨ ᠨᠥᠬᠦᠪᠤᠷᠢ ᠤᠯᠭᠤᠵᠤ᠂ ᠪᠥᠬᠦᠯᠢ 100 ᠨᠠᠰᠤ ᠠᠴᠠ ᠲᠡᠭᠡᠭᠰᠢ ᠦᠡᠳᠤᠷ ᠨᠠᠰᠤᠳᠠᠤᠨ ᠲᠤ ᠬᠥᠮᠤᠨ ᠪᠥᠷᠢ ᠰᠠᠷ᠎ᠡ ᠳᠤ 300 ᠲᠦᠭᠦᠷᠢᠭ ᠤᠨ ᠨᠥᠬᠦᠪᠤᠷᠢ ᠤᠯᠭᠤᠨ᠎ᠡ᠃ ᠲᠡᠭᠡᠷ᠎ᠠ ᠬᠠᠭᠠᠰ ᠵᠢᠯ ᠳᠤ᠂ ᠦᠡᠳᠤᠷ ᠨᠠᠰᠤᠳᠡᠤᠨ ᠤᠨ ᠠᠮᠢᠳᠤᠷᠠᠯ ᠤᠨ ᠨᠦᠬᠦᠪᠤᠷᠢ ᠮᠦᠡᠭᠬᠦ ᠨᠡᠶᠢᠳᠡ 29.87 ᠲᠦᠮᠠᠨ ᠲᠦᠭᠦᠷᠢᠭ ᠲᠠᠷᠬᠠᠭᠠᠵᠤ᠂ ᠡᠬᠦᠨ ᠳᠤ᠄ 2011 ᠤᠨ ᠤ ᠨᠦᠬᠦᠪᠤᠷᠢ ᠮᠦᠡᠭᠬᠦ  ᠶᠢ ᠨᠦᠬᠦᠵᠤ ᠲᠠᠷᠬᠠᠭᠠᠬᠰᠠᠨ 13.08 ᠲᠦᠮᠠᠨ ᠲᠦᠬᠦᠷᠢᠭ᠂ 2012 ᠤᠨ ᠤ ᠲᠡᠭᠡᠷ᠎ᠠ ᠬᠠᠭᠠᠰ ᠵᠢᠯ ᠤᠨ ᠨᠦᠬᠦᠪᠤᠷᠢ ᠮᠦᠡᠭᠬᠦ 16.79 ᠲᠦᠮᠠᠨ ᠲᠦᠬᠦᠷᠢᠭ ᠪᠤᠢ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠠᠴᠠ ᠬᠠᠩᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号