ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠡᠰ ᠲᠠᠷᠠᠭᠠᠯᠠᠯ ᠵᠢᠴᠢ ᠲᠤᠭᠳᠠᠭᠠᠯ | 1. ᠡᠷᠡᠮᠡᠯᠵᠢᠯᠡᠭᠴᠢ ᠠᠴᠠ ᠡᠷᠡᠮᠡᠯᠵᠢᠯᠡᠯ ᠪᠢᠴᠢᠵᠦ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ | ᠣᠷᠤᠨ ᠤ ᠡᠷᠭᠡᠳᠦ ᠠᠷᠠᠳ ᠤᠨ ᠦᠨᠳᠦᠰᠦᠳᠡᠨ ᠤ ᠬᠠᠷᠢᠶ᠎ᠠ ᠪᠠᠨ ᠰᠣᠯᠢᠬᠤ ᠡᠷᠡᠮᠵᠢᠯᠠᠯ ᠤᠨ ᠭᠦᠰᠦᠨᠦᠭᠳᠦ︾ ︵ | ᠲᠠᠷᠤᠮᠯᠠᠵᠤ ᠪᠤᠯᠤᠨ᠎ᠠ︶ ᠶᠢ ᠠᠪᠴᠦ 5 ᠬᠤᠪᠢ ᠲᠠᠭᠯᠠᠨ᠎ᠠ᠃ | 2. ᠡᠷᠡᠮᠵᠢᠯᠡᠭᠴᠢ ᠠᠴᠠ ᠲᠤᠤᠷᠠᠬᠢ ᠮᠠᠲ᠋ᠧᠷᠢᠶᠠᠯ ᠢ ᠲᠣᠰᠢᠶᠠᠨ᠎ᠠ᠄ ᠨᠢᠭᠡᠨᠳᠡ ᠲᠠᠭᠯᠠᠭᠰᠠᠨ ᠬᠠᠮᠢᠶ᠎ᠠ ᠪᠦᠭᠦᠢ | ᠠᠭᠤᠯᠭ᠎ᠠ ᠲᠠᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠡᠷᠭᠡᠳᠦ ᠠᠷᠠᠳ ᠤᠨ ᠦᠨᠳᠦᠰᠦᠳᠡᠨ ᠤ | ᠬᠠᠷᠢᠶ᠎ᠠ ᠪᠠᠨ ᠰᠣᠯᠢᠬᠤ ᠡᠷᠡᠮᠵᠢᠯᠠᠯ ᠤᠨ ᠭᠦᠰᠦᠨᠦᠭᠳᠦ︾ ︵5 ᠬᠤᠪᠢ︶᠃ ᠲᠤᠰ ᠭᠦᠮᠦᠨ ᠤ ᠪᠠᠶᠢᠭ᠎ᠠ ᠭᠠᠵᠠᠷ ᠤᠨ | ᠡᠷᠦᠭᠡ ᠠᠮᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠠᠷᠭᠠᠭᠰᠠᠨ ᠡᠷᠦᠭᠡ ᠠᠮᠠ ᠶᠢᠨ ᠬᠡᠷᠡᠴᠢᠯᠡᠯ ᠤᠨ ᠤᠭ | ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠂ ᠡᠷᠦᠭᠡ ᠠᠮᠠ ᠶᠢᠨ ᠬᠡᠷᠡᠴᠢᠯᠡᠯ ᠨᠢ ᠰᠡᠭᠦᠳᠡᠷ ᠲᠠᠢ | ᠤᠭ ᠮᠠᠲ᠋ᠧᠷᠢᠶᠠᠯ ᠪᠠᠶᠢᠬᠤ ᠬᠡᠷᠡᠭᠳᠠᠢ᠃ ᠲᠤᠰ ᠭᠦᠮᠦᠨ ᠵᠢᠴᠢ ᠡᠴᠢᠭᠡ ᠡᠭᠡ ᠶᠢᠨ ᠡᠷᠦᠭᠡ ᠠᠮᠠ ᠶᠢᠨ ᠲᠡᠪᠳᠠᠷ ᠤᠨ | ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠃ ᠲᠤᠰ ᠭᠦᠮᠦᠨ ᠤ ᠡᠴᠢᠭᠡ ᠡᠭᠡ ᠶᠢᠨ | ᠤᠷᠤᠭ ᠤᠨ ᠬᠡᠷᠡᠴᠢ ᠶᠢᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠃ ᠲᠤᠰ ᠭᠦᠮᠦᠨ ᠤ | ᠲᠦᠷᠦᠭᠰᠡᠨ ᠬᠡᠷᠡᠴᠢ ᠶᠢᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠃ ᠬᠡᠷᠪᠡ | ᠡᠷᠭᠦᠭᠦᠯᠦᠭᠰᠡᠨ ᠬᠠᠷᠢᠴᠠᠭ᠎ᠠ ᠲᠠᠢ ᠪᠤᠯ ᠪᠠᠰᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠡᠷᠡᠴᠢᠯᠡᠭᠰᠡᠨ | ᠦᠷᠡᠴᠢᠯᠡᠵᠦ ᠲᠡᠵᠢᠭᠡᠭᠰᠡᠨ ᠬᠡᠷᠡᠴᠢ ᠶᠢᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ ︵ | ᠡᠷᠪᠡᠭᠰᠢ ᠤᠤᠯ ᠤᠨ ᠮᠠᠲ᠋ᠧᠷᠢᠶᠠᠯ ᠪᠠᠶᠢᠬᠤ ᠬᠡᠷᠡᠭᠳᠠᠢ᠂ ᠨᠦᠭᠦᠵᠦ ᠠᠪᠤᠭᠰᠠᠨ ᠬᠡᠷᠡᠴᠢ ᠭᠦᠴᠦᠨ ᠦᠬᠡᠢ︶᠂ | ᠬᠡᠷᠡᠴᠢᠯᠡᠯ ᠤᠨ ᠪᠠᠶᠢᠭᠤᠯᠭ᠎ᠠ ᠶᠢᠨ ᠬᠡᠷᠡᠴᠢᠯᠡᠭᠰᠡᠨ ᠬᠡᠷᠡᠴᠢᠯᠡᠯ ᠤᠨ ᠪᠢᠴᠢᠭ ᠤᠨ ᠤᠭ ᠮᠠᠲ᠋ᠧᠷᠢᠶᠠᠯ ᠪᠠ ᠲᠠᠷᠤᠮᠯᠠᠭᠰᠠᠨ | ᠮᠠᠲ᠋ᠧᠷᠢᠶᠠᠯ ᠬᠤᠶᠠᠷ ᠬᠤᠪᠢ᠃ ᠡᠷᠡᠮᠵᠢᠯᠡᠵᠦ ᠪᠠᠶᠢᠭ᠎ᠠ ᠭᠦᠮᠦᠨ ᠨᠢ ᠴᠡᠷᠢᠭ ᠤᠨ ᠠᠯᠪᠠ ᠬᠠᠭᠠᠵᠤ ᠪᠠᠶᠢᠭ᠎ᠠ ᠭᠦᠮᠦᠨ | ᠪᠤᠶᠤ ᠴᠡᠷᠢᠭ ᠤᠨ ᠠᠯᠪᠠ ᠬᠠᠭᠠᠵᠤ ᠪᠠᠶᠢᠭ᠎ᠠ ᠭᠦᠮᠦᠨ ᠤ ᠦᠷ᠎ᠡ ᠭᠡᠦᠭᠡᠳ ᠪᠤᠯᠤᠭᠰᠠᠳ ᠪᠠᠰᠠ ᠪᠠᠶᠢᠭ᠎ᠠ ᠴᠡᠷᠢᠭ | ᠠᠩᠭᠢ ᠶᠢᠨ ᠬᠤᠷᠢᠶ᠎ᠠ ᠠᠴᠠ ᠲᠡᠭᠡᠭᠰᠢ ᠱᠠᠳᠣᠨ ᠤ ᠣᠯᠣᠰ ᠲᠦᠷᠦ ᠶᠢᠨ ᠶᠠᠪᠤᠳᠠᠯ ᠤᠨ ᠰᠠᠯᠠᠭ᠎ᠠ ᠮᠦᠴᠢᠷ ᠤᠨ | ᠬᠡᠷᠡᠴᠢᠯᠡᠭᠰᠡᠨ ᠬᠡᠷᠡᠴᠢ ᠶᠢ ᠬᠠᠨᠭ᠍ᠭᠠᠨ᠎ᠠ᠃ | 3. ᠠᠩᠬ᠎ᠠ ᠠᠯᠬᠤᠮ ᠤᠨ ᠬᠢᠨᠠᠨ ᠬᠠᠷᠭᠤᠭᠤᠯᠬᠤ ᠪᠠᠷ ᠲᠠᠮᠵᠢᠵᠤ᠂ ᠡᠷᠡᠮᠵᠢᠯᠡᠭᠴᠢ ᠶᠢᠨ ᠡᠷᠦᠭᠡ ᠠᠮᠠ ᠶᠢᠨ | ᠬᠡᠷᠡᠴᠢᠯᠡᠯ᠂ ᠲᠦᠷᠦᠭᠰᠡᠨ ᠬᠡᠷᠡᠴᠢ᠂ ᠤᠷᠤᠭ ᠤᠨ ᠬᠡᠷᠡᠴᠢ ᠵᠡᠷᠭᠡ ᠬᠡᠷᠡᠴᠢ ᠶᠢᠨ ᠤᠭ ᠮᠠᠲ᠋ᠧᠷᠢᠶᠠᠯ ᠢ ᠪᠠᠶᠢᠴᠠᠭᠠᠨ | ᠬᠢᠨᠠᠭᠰᠠᠨ ᠤ ᠲᠠᠷᠠᠭ᠎ᠠ᠂ ᠠᠶᠢᠮᠠᠭ ᠤᠨ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ | ᠬᠠᠷᠭᠤᠭᠤᠯᠤᠨ᠎ᠠ᠃ | 4. ᠠᠶᠢᠮᠠᠭ ᠤᠨ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠦᠨᠳᠦᠰᠦᠳᠡᠨ ᠤ ᠬᠠᠷᠢᠶ᠎ᠠ ᠪᠠᠨ ᠰᠣᠯᠢᠬᠤ | ᠮᠠᠲ᠋ᠧᠷᠢᠶᠠᠯ ᠳᠤ ᠨᠠᠷᠢᠨ ᠬᠢᠨᠠᠮᠠᠭᠠᠢ ᠬᠢᠨᠠᠨ ᠬᠠᠷᠭᠤᠭᠤᠯᠳᠠ ᠬᠢᠭᠰᠡᠨ ᠤ ᠲᠠᠷᠠᠭ᠎ᠠ᠂ ᠦᠨᠳᠦᠰᠦᠳᠡᠨ ᠤ ᠬᠠᠷᠢᠶ᠎ᠠ ᠪᠠᠨ | ᠰᠣᠯᠢᠬᠤ ᠲᠤᠭᠳᠠᠭᠠᠯ ᠳᠤ ᠨᠡᠶᠢᠴᠡᠪᠡᠯ ᠲᠤᠬᠠᠢ ᠶᠢᠨ ᠭᠠᠵᠠᠷ ᠤᠨ ᠭᠤᠤᠯ ᠵᠠᠭᠤᠴᠢᠯᠠᠭᠤᠷ ᠲᠡᠭᠡᠷ᠎ᠡ ᠵᠠᠷᠯᠠᠯ ᠲᠠᠯᠪᠢᠨ᠎ᠠ᠂ | ᠵᠠᠷᠯᠠᠯ ᠤᠨ ᠬᠤᠭᠤᠴᠠᠭ᠎ᠠ ᠨᠢ 7 ᠡᠳᠦᠷ ᠪᠤᠯᠤᠨ᠎ᠠ᠃ ᠬᠢᠨᠠᠨ ᠬᠠᠷᠭᠤᠭᠤᠯᠳᠠ᠂ ᠵᠠᠷᠯᠠᠯ ᠨᠢ ᠠᠰᠠᠭᠤᠳᠠᠯ ᠪᠠᠶᠢᠬᠤ | ᠦᠬᠡᠢ ᠪᠤᠯ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠳᠤ ᠮᠡᠳᠡᠭᠦᠯᠵᠦ ᠲᠠᠩᠰᠠᠯᠠᠭᠤᠯᠤᠨ᠎ᠠ᠃ | 5. ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠶᠢᠮᠠᠭ ᠤᠨ ᠦᠨᠳᠦᠰᠦᠳᠡᠨ ᠤ ᠠᠵᠢᠯ ᠤᠨ | ᠰᠠᠯᠠᠭ᠎ᠠ ᠮᠦᠴᠢᠷ ᠤᠨ ᠲᠡᠭᠡᠭᠰᠢ ᠮᠡᠳᠡᠭᠦᠯᠦᠭᠰᠡᠨ ᠡᠷᠡᠮᠵᠢᠯᠡᠭᠴᠢ ᠶᠢᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ | ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠤᠭᠳᠠᠭᠠᠯ ᠳᠤ ᠨᠡᠶᠢᠴᠡᠵᠦ᠂ ᠮᠠᠲ᠋ᠧᠷᠢᠶᠠᠯ ᠪᠦᠷᠢᠨ ᠪᠠᠶᠢᠪᠠᠯ ᠪᠢᠴᠢᠭ ᠤᠨ | ᠬᠡᠯᠪᠡᠷᠢ ᠪᠠᠷ ᠠᠶᠢᠮᠠᠭ ᠤᠨ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠲᠤ ᠴᠤᠬᠤᠯᠠᠪᠤᠷᠢᠯᠠᠵᠤ᠂ | ᠲᠠᠩᠰᠠᠯᠠᠭᠤᠯᠵᠤ ᠵᠦᠪᠰᠢᠶᠠᠷᠡᠨ᠎ᠠ᠃ ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠤᠭᠳᠠᠭᠠᠯ ᠳᠤ ᠨᠠᠶᠢᠴᠡᠭᠦ ᠦᠭᠡᠢ᠂ | ᠮᠠᠲ᠋ᠧᠷᠢᠶᠠᠯ ᠪᠦᠷᠢᠨ ᠪᠤᠰᠣ ᠪᠤᠯ ᠲᠠᠩᠰᠠᠯᠠᠭᠤᠯᠬᠤ ᠶᠢ ᠵᠦᠪᠰᠢᠶᠡᠷᠡᠭᠦ ᠦᠬᠡᠢ᠃ | ᠡᠷᠦᠭᠡ ᠠᠮᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠦᠨᠳᠦᠰᠦᠳᠡᠨ ᠤ ᠬᠠᠷᠢᠶ᠎ᠠ ᠪᠠᠨ ᠰᠣᠯᠢᠬᠤ | ᠭᠠᠷ ᠭᠦᠢᠴᠡᠳᠭᠡᠯ ᠢ ᠲᠤᠤᠷᠠᠬᠢ ᠲᠡᠰ ᠲᠠᠷᠠᠭ᠎ᠠ ᠪᠠᠷ ᠶᠠᠪᠤᠭᠳᠠᠭᠤᠯᠤᠨ᠎ᠠ᠄ | 1. ᠡᠷᠭᠡᠳᠦ ᠠᠷᠠᠳ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ | ᠲᠠᠩᠰᠠᠯᠠᠵᠤ ᠵᠦᠪᠰᠢᠶᠡᠷᠡᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠭᠡᠳᠦ ᠠᠷᠠᠳ ᠤᠨ | ᠦᠨᠳᠦᠰᠦᠳᠡᠨ ᠤ ᠬᠠᠷᠢᠶ᠎ᠠ ᠪᠠᠨ ᠰᠣᠯᠢᠬᠤ ᠡᠷᠡᠮᠵᠢᠯᠠᠯ ᠤᠨ ᠭᠦᠰᠦᠨᠦᠭᠳᠦ︾ ᠪᠠ ᠲᠤᠰ ᠭᠦᠮᠦᠨ ᠤ ᠡᠷᠦᠭᠡ ᠠᠮᠠ ᠶᠢᠨ | ᠦᠨᠡᠮᠯᠡᠯ᠂ ᠪᠡᠶ᠎ᠡ ᠶᠢᠨ ᠦᠨᠡᠮᠯᠡᠯ ᠪᠠᠨ ᠠᠪᠴᠣ᠂ ᠡᠷᠦᠭᠡ ᠠᠮᠠ ᠶᠢᠨ ᠪᠠᠶᠢᠭ᠎ᠠ ᠭᠠᠵᠠᠷ ᠤᠨ ᠲᠤᠳᠣᠭᠠᠳᠣ ᠶᠢ | ᠬᠠᠮᠠᠭᠠᠯᠠᠬᠤ ᠰᠠᠯᠪᠤᠷᠢ ᠳᠤ ᠭᠦᠷᠴᠦ ᠡᠷᠦᠭᠡ ᠠᠮᠠ ᠶᠢᠨ ᠲᠡᠪᠳᠡᠷ᠂ ᠪᠠᠶ᠎ᠡ ᠶᠢᠨ ᠦᠨᠡᠮᠯᠡᠯ ᠲᠡᠭᠡᠷᠡᠭᠢ ᠦᠨᠳᠦᠰᠦᠳᠡᠨ | ᠲᠠᠩᠰᠠᠯᠠᠭᠤᠯᠤᠭᠰᠠᠨ ᠵᠤᠷᠪᠤᠰ ᠢᠶᠠᠨ ᠰᠣᠯᠢᠭᠤᠯᠤᠨᠠ᠃ | 2. ᠲᠤᠳᠣᠭᠠᠳᠣ ᠶᠢ ᠬᠠᠮᠠᠭᠠᠯᠠᠬᠤ ᠰᠠᠯᠪᠤᠷᠢ ᠡᠷᠦᠭᠡ ᠠᠮᠠ ᠶᠢᠨ ᠰᠣᠷᠠᠭ ᠮᠡᠳᠡᠭᠡᠨ ᠤ ᠬᠠᠮᠢᠶᠠᠷᠤᠯᠳᠠ | ᠱᠠᠭᠠᠷᠳᠠᠯᠭ᠎ᠠ ᠶᠢ ᠦᠨᠳᠦᠰᠦᠯᠡᠵᠦ᠂ ᠡᠷᠦᠭᠡ ᠠᠮᠠ ᠶᠢᠨ ᠲᠠᠩᠰᠠᠯᠠᠭᠰᠠᠨ ᠭᠤᠤᠯ ᠵᠤᠷᠪᠤᠰ ᠤᠨ ᠬᠢᠨᠠᠨ ᠵᠦᠪᠰᠢᠶᠡᠷᠡᠬᠦ | ᠲᠠᠰ ᠲᠠᠷᠠᠭ᠎ᠠ ᠶᠤᠰᠣᠭᠠᠷ᠂ ᠬᠤᠰᠢᠭᠤ ᠲᠣᠳᠣᠭᠠᠳᠣ ᠶᠢ ᠬᠠᠮᠠᠭᠠᠯᠠᠬᠤ ᠲᠤᠪᠴᠢᠶᠠᠨ ᠤ ᠡᠷᠦᠭᠡ ᠠᠮᠠ ᠶᠢᠨ | ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠲᠠᠮᠵᠢᠵᠤ ᠠᠶᠢᠮᠠᠭ ᠤᠨ ᠲᠤᠳᠣᠭᠠᠳᠣ ᠶᠢ ᠬᠠᠮᠠᠭᠠᠯᠠᠬᠤ | ᠲᠤᠪᠴᠢᠶᠠᠨ ᠤ ᠡᠷᠦᠭᠡ ᠠᠮᠠ ᠶᠢᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠵᠦ | ᠵᠦᠪᠰᠢᠶᠡᠷᠡᠭᠰᠡᠨ ᠤ ᠲᠠᠷᠠᠭ᠎ᠠ ᠰᠦᠯᠵᠢᠶᠡᠨ ᠲᠡᠭᠡᠷ᠎ᠡ ᠡᠷᠦᠭᠡ ᠠᠮᠠ ᠶᠢᠨ ᠰᠣᠷᠠᠭ ᠮᠡᠳᠡᠭᠡ ᠶᠢᠨ ᠦᠨᠳᠦᠰᠦᠳᠡᠨ ᠤ | ᠬᠠᠷᠢᠶ᠎ᠠ ᠪᠠᠨ ᠬᠠᠯᠠᠬᠤ ᠵᠤᠶᠢᠯ ᠢᠶᠠᠨ ᠲᠡᠮᠳᠡᠭᠯᠡᠭᠦᠯᠦᠨ᠎ᠡ᠃ |