ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠡᠰ ᠲᠠᠷᠠᠭᠠᠯᠠᠯ ᠵᠢᠴᠢ ᠲᠤᠭᠳᠠᠭᠠᠯ
ᠨᠡᠶᠢᠲᠡᠯᠡᠭᠰᠡᠨ ᠴᠠᠭ᠄
2013/12/3
            ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠡᠰ ᠲᠠᠷᠠᠭᠠᠯᠠᠯ ᠵᠢᠴᠢ ᠲᠤᠭᠳᠠᠭᠠᠯ      1. ᠡᠷᠡᠮᠡᠯᠵᠢᠯᠡᠭᠴᠢ ᠠᠴᠠ ᠡᠷᠡᠮᠡᠯᠵᠢᠯᠡᠯ ᠪᠢᠴᠢᠵᠦ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠡᠷᠭᠡᠳᠦ ᠠᠷᠠᠳ ᠤᠨ ᠦᠨᠳᠦᠰᠦᠳᠡᠨ ᠤ ᠬᠠᠷᠢᠶ᠎ᠠ ᠪᠠᠨ ᠰᠣᠯᠢᠬᠤ ᠡᠷᠡᠮᠵᠢᠯᠠᠯ ᠤᠨ ᠭᠦᠰᠦᠨᠦᠭᠳᠦ︾ ︵ᠲᠠᠷᠤᠮᠯᠠᠵᠤ ᠪᠤᠯᠤᠨ᠎ᠠ︶ ᠶᠢ ᠠᠪᠴᠦ 5 ᠬᠤᠪᠢ ᠲᠠᠭᠯᠠᠨ᠎ᠠ᠃      2. ᠡᠷᠡᠮᠵᠢᠯᠡᠭᠴᠢ ᠠᠴᠠ ᠲᠤᠤᠷᠠᠬᠢ ᠮᠠᠲ᠋ᠧᠷᠢᠶᠠᠯ ᠢ ᠲᠣᠰᠢᠶᠠᠨ᠎ᠠ᠄ ᠨᠢᠭᠡᠨᠳᠡ ᠲᠠᠭᠯᠠᠭᠰᠠᠨ ᠬᠠᠮᠢᠶ᠎ᠠ ᠪᠦᠭᠦᠢ ᠠᠭᠤᠯᠭ᠎ᠠ ᠲᠠᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠡᠷᠭᠡᠳᠦ ᠠᠷᠠᠳ ᠤᠨ ᠦᠨᠳᠦᠰᠦᠳᠡᠨ ᠤ ᠬᠠᠷᠢᠶ᠎ᠠ ᠪᠠᠨ ᠰᠣᠯᠢᠬᠤ ᠡᠷᠡᠮᠵᠢᠯᠠᠯ ᠤᠨ ᠭᠦᠰᠦᠨᠦᠭᠳᠦ︾ ︵5 ᠬᠤᠪᠢ︶᠃ ᠲᠤᠰ ᠭᠦᠮᠦᠨ ᠤ ᠪᠠᠶᠢᠭ᠎ᠠ ᠭᠠᠵᠠᠷ ᠤᠨ ᠡᠷᠦᠭᠡ ᠠᠮᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠭᠠᠷᠭᠠᠭᠰᠠᠨ ᠡᠷᠦᠭᠡ ᠠᠮᠠ ᠶᠢᠨ ᠬᠡᠷᠡᠴᠢᠯᠡᠯ ᠤᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠂ ᠡᠷᠦᠭᠡ ᠠᠮᠠ ᠶᠢᠨ ᠬᠡᠷᠡᠴᠢᠯᠡᠯ ᠨᠢ ᠰᠡᠭᠦᠳᠡᠷ ᠲᠠᠢ ᠤᠭ ᠮᠠᠲ᠋ᠧᠷᠢᠶᠠᠯ ᠪᠠᠶᠢᠬᠤ ᠬᠡᠷᠡᠭᠳᠠᠢ᠃ ᠲᠤᠰ ᠭᠦᠮᠦᠨ ᠵᠢᠴᠢ ᠡᠴᠢᠭᠡ ᠡᠭᠡ ᠶᠢᠨ ᠡᠷᠦᠭᠡ ᠠᠮᠠ ᠶᠢᠨ ᠲᠡᠪᠳᠠᠷ ᠤᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠃ ᠲᠤᠰ ᠭᠦᠮᠦᠨ ᠤ ᠡᠴᠢᠭᠡ ᠡᠭᠡ ᠶᠢᠨ ᠤᠷᠤᠭ ᠤᠨ ᠬᠡᠷᠡᠴᠢ ᠶᠢᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠃ ᠲᠤᠰ ᠭᠦᠮᠦᠨ ᠤ ᠲᠦᠷᠦᠭᠰᠡᠨ ᠬᠡᠷᠡᠴᠢ ᠶᠢᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠃ ᠬᠡᠷᠪᠡ ᠡᠷᠭᠦᠭᠦᠯᠦᠭᠰᠡᠨ ᠬᠠᠷᠢᠴᠠᠭ᠎ᠠ ᠲᠠᠢ ᠪᠤᠯ ᠪᠠᠰᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠡᠷᠡᠴᠢᠯᠡᠭᠰᠡᠨ ᠦᠷᠡᠴᠢᠯᠡᠵᠦ ᠲᠡᠵᠢᠭᠡᠭᠰᠡᠨ ᠬᠡᠷᠡᠴᠢ ᠶᠢᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ ︵ᠡᠷᠪᠡᠭᠰᠢ ᠤᠤᠯ ᠤᠨ ᠮᠠᠲ᠋ᠧᠷᠢᠶᠠᠯ ᠪᠠᠶᠢᠬᠤ ᠬᠡᠷᠡᠭᠳᠠᠢ᠂ ᠨᠦᠭᠦᠵᠦ ᠠᠪᠤᠭᠰᠠᠨ ᠬᠡᠷᠡᠴᠢ ᠭᠦᠴᠦᠨ ᠦᠬᠡᠢ︶᠂ ᠬᠡᠷᠡᠴᠢᠯᠡᠯ ᠤᠨ ᠪᠠᠶᠢᠭᠤᠯᠭ᠎ᠠ ᠶᠢᠨ ᠬᠡᠷᠡᠴᠢᠯᠡᠭᠰᠡᠨ ᠬᠡᠷᠡᠴᠢᠯᠡᠯ ᠤᠨ ᠪᠢᠴᠢᠭ ᠤᠨ ᠤᠭ ᠮᠠᠲ᠋ᠧᠷᠢᠶᠠᠯ ᠪᠠ ᠲᠠᠷᠤᠮᠯᠠᠭᠰᠠᠨ ᠮᠠᠲ᠋ᠧᠷᠢᠶᠠᠯ ᠬᠤᠶᠠᠷ ᠬᠤᠪᠢ᠃ ᠡᠷᠡᠮᠵᠢᠯᠡᠵᠦ ᠪᠠᠶᠢᠭ᠎ᠠ ᠭᠦᠮᠦᠨ ᠨᠢ ᠴᠡᠷᠢᠭ ᠤᠨ ᠠᠯᠪᠠ ᠬᠠᠭᠠᠵᠤ ᠪᠠᠶᠢᠭ᠎ᠠ ᠭᠦᠮᠦᠨ ᠪᠤᠶᠤ ᠴᠡᠷᠢᠭ ᠤᠨ ᠠᠯᠪᠠ ᠬᠠᠭᠠᠵᠤ ᠪᠠᠶᠢᠭ᠎ᠠ ᠭᠦᠮᠦᠨ ᠤ ᠦᠷ᠎ᠡ ᠭᠡᠦᠭᠡᠳ ᠪᠤᠯᠤᠭᠰᠠᠳ ᠪᠠᠰᠠ ᠪᠠᠶᠢᠭ᠎ᠠ ᠴᠡᠷᠢᠭ ᠠᠩᠭᠢ ᠶᠢᠨ ᠬᠤᠷᠢᠶ᠎ᠠ ᠠᠴᠠ ᠲᠡᠭᠡᠭᠰᠢ ᠱᠠᠳᠣᠨ ᠤ ᠣᠯᠣᠰ ᠲᠦᠷᠦ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠬᠡᠷᠡᠴᠢᠯᠡᠭᠰᠡᠨ ᠬᠡᠷᠡᠴᠢ ᠶᠢ ᠬᠠᠨᠭ᠍ᠭᠠᠨ᠎ᠠ᠃      3. ᠠᠩᠬ᠎ᠠ ᠠᠯᠬᠤᠮ ᠤᠨ ᠬᠢᠨᠠᠨ ᠬᠠᠷᠭᠤᠭᠤᠯᠬᠤ ᠪᠠᠷ ᠲᠠᠮᠵᠢᠵᠤ᠂ ᠡᠷᠡᠮᠵᠢᠯᠡᠭᠴᠢ ᠶᠢᠨ ᠡᠷᠦᠭᠡ ᠠᠮᠠ ᠶᠢᠨ ᠬᠡᠷᠡᠴᠢᠯᠡᠯ᠂ ᠲᠦᠷᠦᠭᠰᠡᠨ ᠬᠡᠷᠡᠴᠢ᠂ ᠤᠷᠤᠭ ᠤᠨ ᠬᠡᠷᠡᠴᠢ ᠵᠡᠷᠭᠡ ᠬᠡᠷᠡᠴᠢ ᠶᠢᠨ ᠤᠭ ᠮᠠᠲ᠋ᠧᠷᠢᠶᠠᠯ ᠢ ᠪᠠᠶᠢᠴᠠᠭᠠᠨ ᠬᠢᠨᠠᠭᠰᠠᠨ ᠤ ᠲᠠᠷᠠᠭ᠎ᠠ᠂ ᠠᠶᠢᠮᠠᠭ ᠤᠨ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ ᠬᠠᠷᠭᠤᠭᠤᠯᠤᠨ᠎ᠠ᠃      4. ᠠᠶᠢᠮᠠᠭ ᠤᠨ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠦᠨᠳᠦᠰᠦᠳᠡᠨ ᠤ ᠬᠠᠷᠢᠶ᠎ᠠ ᠪᠠᠨ ᠰᠣᠯᠢᠬᠤ ᠮᠠᠲ᠋ᠧᠷᠢᠶᠠᠯ ᠳᠤ ᠨᠠᠷᠢᠨ ᠬᠢᠨᠠᠮᠠᠭᠠᠢ ᠬᠢᠨᠠᠨ ᠬᠠᠷᠭᠤᠭᠤᠯᠳᠠ ᠬᠢᠭᠰᠡᠨ ᠤ ᠲᠠᠷᠠᠭ᠎ᠠ᠂ ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠤᠭᠳᠠᠭᠠᠯ ᠳᠤ ᠨᠡᠶᠢᠴᠡᠪᠡᠯ ᠲᠤᠬᠠᠢ ᠶᠢᠨ ᠭᠠᠵᠠᠷ ᠤᠨ ᠭᠤᠤᠯ ᠵᠠᠭᠤᠴᠢᠯᠠᠭᠤᠷ ᠲᠡᠭᠡᠷ᠎ᠡ ᠵᠠᠷᠯᠠᠯ ᠲᠠᠯᠪᠢᠨ᠎ᠠ᠂ ᠵᠠᠷᠯᠠᠯ ᠤᠨ ᠬᠤᠭᠤᠴᠠᠭ᠎ᠠ ᠨᠢ 7 ᠡᠳᠦᠷ ᠪᠤᠯᠤᠨ᠎ᠠ᠃ ᠬᠢᠨᠠᠨ ᠬᠠᠷᠭᠤᠭᠤᠯᠳᠠ᠂ ᠵᠠᠷᠯᠠᠯ ᠨᠢ ᠠᠰᠠᠭᠤᠳᠠᠯ ᠪᠠᠶᠢᠬᠤ ᠦᠬᠡᠢ ᠪᠤᠯ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠳᠤ ᠮᠡᠳᠡᠭᠦᠯᠵᠦ ᠲᠠᠩᠰᠠᠯᠠᠭᠤᠯᠤᠨ᠎ᠠ᠃      5. ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠶᠢᠮᠠᠭ ᠤᠨ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠤᠨ ᠲᠡᠭᠡᠭᠰᠢ ᠮᠡᠳᠡᠭᠦᠯᠦᠭᠰᠡᠨ ᠡᠷᠡᠮᠵᠢᠯᠡᠭᠴᠢ ᠶᠢᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠤᠭᠳᠠᠭᠠᠯ ᠳᠤ ᠨᠡᠶᠢᠴᠡᠵᠦ᠂ ᠮᠠᠲ᠋ᠧᠷᠢᠶᠠᠯ ᠪᠦᠷᠢᠨ ᠪᠠᠶᠢᠪᠠᠯ ᠪᠢᠴᠢᠭ ᠤᠨ ᠬᠡᠯᠪᠡᠷᠢ ᠪᠠᠷ ᠠᠶᠢᠮᠠᠭ ᠤᠨ ᠦᠨᠳᠦᠰᠦᠳᠡᠨ ᠤ ᠠᠵᠢᠯ ᠤᠨ ᠰᠠᠯᠠᠭ᠎ᠠ ᠮᠦᠴᠢᠷ ᠲᠤ ᠴᠤᠬᠤᠯᠠᠪᠤᠷᠢᠯᠠᠵᠤ᠂ ᠲᠠᠩᠰᠠᠯᠠᠭᠤᠯᠵᠤ ᠵᠦᠪᠰᠢᠶᠠᠷᠡᠨ᠎ᠠ᠃ ᠦᠨᠳᠦᠰᠦᠳᠡᠨ ᠤ ᠬᠠᠷᠢᠶ᠎ᠠ ᠪᠠᠨ ᠰᠣᠯᠢᠬᠤ ᠲᠤᠭᠳᠠᠭᠠᠯ ᠳᠤ ᠨᠠᠶᠢᠴᠡᠭᠦ ᠦᠭᠡᠢ᠂ ᠮᠠᠲ᠋ᠧᠷᠢᠶᠠᠯ ᠪᠦᠷᠢᠨ ᠪᠤᠰᠣ ᠪᠤᠯ ᠲᠠᠩᠰᠠᠯᠠᠭᠤᠯᠬᠤ ᠶᠢ ᠵᠦᠪᠰᠢᠶᠡᠷᠡᠭᠦ ᠦᠬᠡᠢ᠃      ᠡᠷᠦᠭᠡ ᠠᠮᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠦᠨᠳᠦᠰᠦᠳᠡᠨ ᠤ ᠬᠠᠷᠢᠶ᠎ᠠ ᠪᠠᠨ ᠰᠣᠯᠢᠬᠤ ᠭᠠᠷ ᠭᠦᠢᠴᠡᠳᠭᠡᠯ ᠢ ᠲᠤᠤᠷᠠᠬᠢ ᠲᠡᠰ ᠲᠠᠷᠠᠭ᠎ᠠ ᠪᠠᠷ ᠶᠠᠪᠤᠭᠳᠠᠭᠤᠯᠤᠨ᠎ᠠ᠄      1. ᠡᠷᠭᠡᠳᠦ ᠠᠷᠠᠳ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠲᠠᠩᠰᠠᠯᠠᠵᠤ ᠵᠦᠪᠰᠢᠶᠡᠷᠡᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠭᠡᠳᠦ ᠠᠷᠠᠳ ᠤᠨ ᠦᠨᠳᠦᠰᠦᠳᠡᠨ ᠤ ᠬᠠᠷᠢᠶ᠎ᠠ ᠪᠠᠨ ᠰᠣᠯᠢᠬᠤ ᠡᠷᠡᠮᠵᠢᠯᠠᠯ ᠤᠨ ᠭᠦᠰᠦᠨᠦᠭᠳᠦ︾ ᠪᠠ ᠲᠤᠰ ᠭᠦᠮᠦᠨ ᠤ ᠡᠷᠦᠭᠡ ᠠᠮᠠ ᠶᠢᠨ ᠦᠨᠡᠮᠯᠡᠯ᠂ ᠪᠡᠶ᠎ᠡ ᠶᠢᠨ ᠦᠨᠡᠮᠯᠡᠯ ᠪᠠᠨ ᠠᠪᠴᠣ᠂ ᠡᠷᠦᠭᠡ ᠠᠮᠠ ᠶᠢᠨ ᠪᠠᠶᠢᠭ᠎ᠠ ᠭᠠᠵᠠᠷ ᠤᠨ ᠲᠤᠳᠣᠭᠠᠳᠣ ᠶᠢ ᠬᠠᠮᠠᠭᠠᠯᠠᠬᠤ ᠰᠠᠯᠪᠤᠷᠢ ᠳᠤ ᠭᠦᠷᠴᠦ ᠡᠷᠦᠭᠡ ᠠᠮᠠ ᠶᠢᠨ ᠲᠡᠪᠳᠡᠷ᠂ ᠪᠠᠶ᠎ᠡ ᠶᠢᠨ ᠦᠨᠡᠮᠯᠡᠯ ᠲᠡᠭᠡᠷᠡᠭᠢ ᠦᠨᠳᠦᠰᠦᠳᠡᠨ ᠲᠠᠩᠰᠠᠯᠠᠭᠤᠯᠤᠭᠰᠠᠨ ᠵᠤᠷᠪᠤᠰ ᠢᠶᠠᠨ ᠰᠣᠯᠢᠭᠤᠯᠤᠨ᠎ᠠ᠃      2. ᠲᠤᠳᠣᠭᠠᠳᠣ ᠶᠢ ᠬᠠᠮᠠᠭᠠᠯᠠᠬᠤ ᠰᠠᠯᠪᠤᠷᠢ ᠡᠷᠦᠭᠡ ᠠᠮᠠ ᠶᠢᠨ ᠰᠣᠷᠠᠭ ᠮᠡᠳᠡᠭᠡᠨ ᠤ ᠬᠠᠮᠢᠶᠠᠷᠤᠯᠳᠠ ᠱᠠᠭᠠᠷᠳᠠᠯᠭ᠎ᠠ ᠶᠢ ᠦᠨᠳᠦᠰᠦᠯᠡᠵᠦ᠂ ᠡᠷᠦᠭᠡ ᠠᠮᠠ ᠶᠢᠨ ᠲᠠᠩᠰᠠᠯᠠᠭᠰᠠᠨ ᠭᠤᠤᠯ ᠵᠤᠷᠪᠤᠰ ᠤᠨ ᠬᠢᠨᠠᠨ ᠵᠦᠪᠰᠢᠶᠡᠷᠡᠬᠦ ᠲᠠᠰ ᠲᠠᠷᠠᠭ᠎ᠠ ᠶᠤᠰᠣᠭᠠᠷ᠂ ᠬᠤᠰᠢᠭᠤ ᠲᠣᠳᠣᠭᠠᠳᠣ ᠶᠢ ᠬᠠᠮᠠᠭᠠᠯᠠᠬᠤ ᠲᠤᠪᠴᠢᠶᠠᠨ ᠤ ᠡᠷᠦᠭᠡ ᠠᠮᠠ ᠶᠢᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠲᠠᠮᠵᠢᠵᠤ ᠠᠶᠢᠮᠠᠭ ᠤᠨ ᠲᠤᠳᠣᠭᠠᠳᠣ ᠶᠢ ᠬᠠᠮᠠᠭᠠᠯᠠᠬᠤ ᠲᠤᠪᠴᠢᠶᠠᠨ ᠤ ᠡᠷᠦᠭᠡ ᠠᠮᠠ ᠶᠢᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠵᠦ ᠵᠦᠪᠰᠢᠶᠡᠷᠡᠭᠰᠡᠨ ᠤ ᠲᠠᠷᠠᠭ᠎ᠠ ᠰᠦᠯᠵᠢᠶᠡᠨ ᠲᠡᠭᠡᠷ᠎ᠡ ᠡᠷᠦᠭᠡ ᠠᠮᠠ ᠶᠢᠨ ᠰᠣᠷᠠᠭ ᠮᠡᠳᠡᠭᠡ ᠶᠢᠨ ᠦᠨᠳᠦᠰᠦᠳᠡᠨ ᠤ ᠬᠠᠷᠢᠶ᠎ᠠ ᠪᠠᠨ ᠬᠠᠯᠠᠬᠤ ᠵᠤᠶᠢᠯ ᠢᠶᠠᠨ ᠲᠡᠮᠳᠡᠭᠯᠡᠭᠦᠯᠦᠨ᠎ᠡ᠃
 
ᠢᠷᠡᠯᠲᠡ᠄ ᠬᠤᠰᠢᠭᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶᠠᠨ ᠠᠴᠠ ᠬᠠᠩᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号