ᠡᠷᠳᠡᠨᠢᠳᠣᠬᠳᠠᠬᠤ
ᠨᠡᠶᠢᠲᠡᠯᠡᠭᠰᠡᠨ ᠴᠠᠭ᠄
2013/7/2
            ᠡᠷᠳᠡᠨᠢᠳᠣᠬᠳᠠᠬᠤ     ᠡᠷᠳᠡᠨᠢᠳᠣᠬᠳᠠᠬᠤ᠂ ᠡᠷᠡᠭᠳᠠᠢ᠂ ᠮᠣᠩᠭᠤᠯ ᠦᠨᠳᠣᠰᠦᠳᠠᠨ᠂ ᠨᠠᠮ ᠤᠨ ᠬᠡᠰᠢᠬᠦᠨ᠃ 1953 ᠣᠨ ᠳᠤ ᠰᠢᠯᠢ  ᠶᠢᠨ ᠭᠤᠣᠯ ᠠᠶᠢᠮᠠᠭ ᠤᠨ ᠰᠦᠨᠢᠳ ᠵᠡᠬᠦᠨ ᠬᠤᠰᠢᠭᠤᠨ ᠤ ᠰᠠᠶᠢᠬᠠᠨᠭᠤᠪᠢ ᠰᠣᠮᠣᠨ ᠤ ᠮᠠᠯᠴᠢᠨ ᠡᠵᠢ ᠬᠠᠳᠠ ᠶᠢᠨ ᠣᠣᠭᠠᠨ ᠬᠦᠣ ᠪᠣᠯᠣᠨ ᠵᠠᠶᠠᠭᠠᠪᠠ᠃    1962 ᠣᠨ ᠠᠴᠠ 1967 ᠣᠨ ᠪᠣᠯᠳᠠᠯ᠎ᠠ ᠰᠦᠨᠢᠳ ᠵᠡᠬᠦᠨ ᠬᠤᠰᠢᠭᠤᠨ ᠤ ᠪᠠᠭ᠎ᠠ ᠰᠣᠷᠭᠠᠭᠤᠯᠢ ᠳᠤ ᠰᠣᠷᠣᠯᠴᠠᠪᠠ᠃    1970 ᠣᠨ ᠤ 12 ᠳ᠋ᠣᠭᠠᠷ ᠰᠠᠷ᠎ᠠ ᠠᠴᠠ 1976 ᠣᠨ ᠤ 3 ᠳ᠋ᠣᠭᠠᠷ ᠰᠠᠷ᠎ᠠ ᠬᠦᠷᠳᠡᠯ᠎ᠡ ᠯᠠᠨᠵᠸᠣ ᠶᠢᠨ ᠴᠡᠷᠢᠭ ᠤᠨ ᠳᠣᠭᠤᠷᠢᠭ ᠤᠨ 47 ᠳ᠋ᠣᠭᠠᠷ ᠠᠷᠮᠠᠢ ᠶᠢᠨ 139 ᠳ᠋ᠣᠬᠡᠷ ᠳ᠋ᠢᠸᠢᠽᠢ ᠶᠢᠨ ᠳᠣᠷᠰᠢᠭᠤᠯ ᠤᠨ ᠰᠣᠮᠣᠨ ᠳᠤ ᠴᠡᠷᠢᠭ ᠤᠨ ᠠᠯᠪᠠ ᠬᠠᠭᠠᠪᠠ᠃    1975 ᠣᠨ ᠤ 10 ᠳ᠋ᠣᠭᠠᠷ ᠰᠠᠷ᠎ᠠ ᠶᠢᠨ 17 ᠤ ᠡᠳᠣᠷ ᠴᠡᠷᠢᠭ ᠠᠩᠬᠢ ᠳᠠᠭᠠᠨ ᠦᠩᠬᠡ ᠬᠡᠷᠡᠯ ᠲᠠᠢ ᠪᠠᠷ ᠳᠣᠮᠳᠠᠳᠣ ᠣᠯᠣᠰ ᠤᠨ ᠡᠪ ᠬᠠᠮᠳᠣ ᠨᠠᠮ ᠳᠤ ᠨᠡᠮᠡᠷᠢᠯᠡᠪᠡ᠃    1976 ᠣᠨ ᠤ 3 ᠳ᠋ᠣᠭᠠᠷ ᠰᠠᠷ᠎ᠠ ᠳᠤ ᠴᠡᠷᠢᠭ ᠠᠴᠠ ᠪᠠᠨ ᠬᠠᠯᠠᠬᠳᠠᠵᠣ᠂ ᠣᠷᠣᠨ ᠨᠣᠳᠤᠭ ᠲᠠᠭᠠᠨ ᠢᠷᠡᠪᠡ᠃    1976 ᠣᠨ ᠤ 4 ᠳ᠋ᠣᠬᠡᠷ ᠰᠠᠷ᠎ᠠ ᠠᠴᠠ 1986 ᠣᠨ ᠬᠦᠷᠳᠡᠯ᠎ᠡ ᠣᠷᠢᠳ ᠬᠤᠵᠢᠳ ᠰᠦᠨᠢᠳ ᠵᠡᠬᠦᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ᠂ ᠬᠤᠩᠭᠤᠷ ᠰᠣᠮᠣᠨ ᠤ ᠬᠢᠯᠢ ᠶᠢᠨ ᠰᠠᠯᠪᠣᠷᠢ᠂ ᠣᠣᠯ ᠤᠨ ᠳᠠᠷᠬᠠᠠᠠᠭᠤᠯᠠ ᠰᠣᠮᠣᠨ ᠤ ᠬᠢᠯᠢ ᠶᠢᠨ ᠰᠠᠯᠪᠣᠷᠢ᠂ ᠣᠣᠯ ᠤᠨ ᠪᠠᠶᠠᠨᠳᠣᠯᠠᠭᠠᠨ ᠰᠣᠮᠣᠨ ᠤ ᠬᠢᠯᠢ ᠶᠢᠨ ᠰᠠᠯᠪᠣᠷᠢ᠂ ᠣᠣᠯ ᠤᠨ ᠴᠠᠭᠠᠨ᠋ᠣᠪᠣᠭ᠎ᠠ ᠰᠣᠮᠣᠨ ᠤ ᠬᠢᠯᠢ ᠶᠢᠨ ᠰᠠᠯᠪᠣᠷᠢ᠂ ᠰᠦᠨᠢᠳ ᠵᠡᠬᠦᠨ ᠬᠤᠰᠢᠭᠤᠨ ᠤ ᠵᠡᠪᠰᠡᠭᠳᠣ ᠴᠠᠬᠳᠠᠭ᠎ᠠ  ᠶᠢᠨ ᠶᠡᠭᠡ ᠠᠩᠬᠢ ᠵᠡᠷᠬᠡ ᠭᠠᠵᠠᠷ ᠤᠳ ᠲᠤ ᠳᠠᠳ᠋ ᠵᠢᠭᠠᠨ ᠵᠢᠯᠣᠭᠤᠳᠣᠬᠴᠢ᠂ ᠵᠢᠭᠠᠨ ᠵᠢᠯᠣᠭᠤᠳᠣᠬᠴᠢ᠂ ᠰᠠᠯᠪᠣᠷᠢ  ᠶᠢᠨ ᠳᠠᠷᠤᠭ᠎ᠠ᠂ ᠬᠠᠪᠰᠣᠷᠣᠨ ᠵᠢᠯᠣᠭᠤᠳᠣᠬᠴᠢ ᠵᠡᠷᠬᠡ ᠳᠣᠰᠢᠶᠠᠯ ᠤᠳ ᠢ ᠬᠠᠷᠢᠭᠤᠴᠠᠵᠣ ᠬᠢᠪᠡ᠃    1986 ᠣᠨ ᠤ 7 ᠳ᠋ᠣᠭᠠᠷ ᠰᠠᠷ᠎ᠠ ᠠᠴᠠ 1999 ᠣᠨ ᠬᠦᠷᠳᠡᠯ᠎ᠡ ᠰᠦᠨᠢᠳ ᠵᠡᠬᠦᠨ ᠬᠤᠰᠢᠭᠤᠨ ᠤ ᠨᠠᠮ  ᠤᠨ ᠬᠤᠷᠢᠶᠠᠨ ᠤ ᠠᠯᠪᠠᠨ ᠬᠡᠷ᠂ ᠳᠠᠯ᠎ᠠ ᠨᠣᠳᠤᠭ ᠤᠨ ᠬᠠᠮᠢᠶᠠᠷᠣᠯᠳᠠ ᠶᠢᠨ ᠦᠷᠳᠡᠭᠡ᠂ ᠰᠦᠨᠢᠳ ᠵᠡᠬᠦᠨ ᠬᠤᠰᠢᠭᠤᠨ ᠤ ᠮᠠᠯ ᠠᠵᠣ ᠠᠬᠤᠢ ᠶᠢᠨ ᠳᠣᠪᠴᠢᠶ᠎ᠠ ᠵᠡᠷᠬᠡ ᠭᠠᠵᠠᠷ ᠤᠳ ᠲᠤ ᠳᠠᠳ᠋᠂ ᠵᠢᠩᠬᠢᠨᠢ ᠳᠠᠷᠤᠭ᠎ᠠ ᠶᠢᠨ ᠳᠣᠰᠢᠶᠠᠯ ᠢ ᠬᠠᠷᠢᠭᠤᠴᠠᠵᠣ ᠢᠷᠡᠵᠠᠢ᠃    1999 ᠣᠨ ᠤ 1 ᠳ᠋ᠣᠬᠡᠷ ᠰᠠᠷ᠎ᠠ ᠶᠢᠨ 2002 ᠣᠨ ᠤ 10 ᠳ᠋ᠣᠭᠠᠷ ᠰᠠᠷ᠎ᠠ ᠬᠦᠷᠳᠡᠯ᠎ᠡ ᠰᠦᠨᠢᠳ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠳᠠᠳ᠋ ᠳᠠᠷᠤᠭ᠎ᠠ ᠶᠢᠨ ᠳᠣᠰᠢᠶᠠᠯ ᠢ ᠬᠠᠷᠢᠭᠤᠴᠠᠨ ᠬᠢᠪᠡ᠃    2002 ᠣᠨ ᠤ 11 ᠳ᠋ᠣᠬᠡᠷ ᠰᠠᠷ᠎ᠠ ᠳᠤ ᠰᠦᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠳᠠᠳ᠋ ᠳᠠᠷᠤᠭ᠎ᠠ ᠪᠠᠷ ᠠᠵᠢᠯ ᠰᠢᠯᠵᠢᠪᠠ᠃    2003 ᠣᠨ ᠤ 5 ᠳ᠋ᠣᠭᠠᠷ ᠰᠠᠷ᠎ᠠ ᠶᠢᠨ ᠤ 7 ᠡᠳᠣᠷ ᠬᠡᠨᠡᠳᠳᠠ ᠶᠢᠨ ᠡᠪᠡᠳᠴᠢᠨ ᠢᠶᠠᠷ ᠠᠵᠢᠯ ᠶᠢᠨ ᠪᠠᠶᠢᠷᠢᠨ ᠳᠠᠬᠡᠷ᠎ᠡ ᠪᠠᠨ ᠨᠠᠰᠣ ᠪᠠᠷᠠᠪᠠ᠃ ᠳᠣᠬᠠᠢ ᠶᠢᠨ ᠦᠶ᠎ᠡ ᠳᠤ ᠪᠦᠬᠦᠯᠢ ᠳᠠᠪᠢᠨ ᠨᠠᠰᠣᠳᠠᠢ ᠪᠠᠶᠢᠪᠠ᠃ ᠡᠷᠳᠡᠨᠢᠳᠣᠬᠳᠠᠬᠤ ᠨᠦᠬᠦᠷ 1995 ᠣᠨ ᠠᠴᠠ 1999 ᠣᠨ ᠬᠦᠷᠳᠡᠯᠡᠬᠢ ᠬᠤᠭᠤᠴᠠᠭᠠᠨ ᠳᠤ ᠣᠷᠢᠳ ᠬᠤᠵᠢᠳ ᠰᠦᠨᠢᠳ ᠵᠡᠬᠦᠨ ᠬᠤᠰᠢᠭᠤᠨ ᠤ ᠨᠠᠮ ᠤᠨ ᠲᠦᠯᠦᠬᠡᠯᠡᠭᠴᠢ᠂ ᠠᠷᠠᠳ ᠤᠨ ᠲᠦᠯᠦᠬᠡᠯᠡᠭᠴᠢ ᠵᠡᠷᠬᠡ ᠪᠣᠯᠵᠣ ᠦᠩᠬᠡᠷᠡᠪᠡ᠃    1997 ᠣᠨ ᠳᠤ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠷᠪᠠᠳᠣᠭᠠᠷ ᠳᠡᠰ ᠤᠨ ᠭᠠᠪᠢᠶ᠎ᠠ ᠳᠡᠮᠳᠡᠭᠯᠡᠵᠣ ᠦᠭᠬᠦᠭᠰᠡᠨ ᠪᠠᠶᠢᠨ᠎ᠠ᠃    2003 ᠣᠨ ᠤ 5 ᠳ᠋ᠣᠭᠠᠷ ᠰᠡᠷ᠎ᠠ ᠶᠢᠨ 21 ᠤ ᠡᠳᠣᠷ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ︽ᠡᠷᠳᠡᠨᠢᠳᠣᠬᠳᠠᠬᠤ ᠨᠦᠬᠦᠷ ᠠᠴᠠ ᠰᠣᠷᠣᠯᠴᠠᠬᠤ ᠠᠵᠢᠯᠯᠠᠭ᠎ᠠ ᠦᠷᠨᠢᠬᠦᠯᠬᠦ ᠳᠣᠬᠠᠢ ᠳᠣᠬᠳᠠᠭᠠᠯ︾ ᠭᠠᠷᠭᠠᠵᠣ ᠪᠦᠬᠦ ᠠᠶᠢᠮᠠᠭ ᠤᠨ ᠬᠡᠪᠴᠢᠶᠠᠨ ᠳᠤ ᠲᠠᠭᠠᠨ ᠰᠣᠷᠣᠯᠴᠠᠬᠤ ᠦᠷᠨᠢᠯᠳᠠ ᠭᠠᠷᠭᠠᠪᠠ᠃    2003 ᠣᠨ ᠤ 5 ᠳ᠋ᠣᠭᠠᠷ ᠰᠠᠷ᠎ᠠ ᠶᠢᠨ 28 ᠤ ᠡᠳᠣᠷ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ  ᠤ ᠨᠠᠮ ᠤᠨ ᠬᠤᠷᠢᠶ᠎ᠠ ᠡᠷᠳᠡᠨᠢᠳᠣᠬᠳᠠᠬᠤ ᠨᠦᠬᠦᠷ ᠢ ︽ᠰᠢᠯᠢᠳᠡᠭ ᠡᠪ ᠬᠠᠮᠳᠣ ᠨᠠᠮ ᠤᠨ ᠬᠡᠰᠢᠬᠦᠨ︾ ᠢᠶᠠᠷ ᠨᠡᠬᠡᠮᠵᠢᠯᠡᠨ ᠴᠣᠯᠠᠯᠠᠵᠣ᠂ ᠡᠷᠳᠡᠨᠢᠳᠣᠬᠳᠠᠬᠤ ᠨᠦᠬᠦᠷ ᠠᠴᠠ ᠰᠣᠷᠣᠯᠴᠠᠬᠤ ᠠᠵᠢᠯᠯᠠᠭ᠎ᠠ ᠦᠷᠨᠢᠬᠦᠯᠬᠦ ᠳᠣᠬᠠᠢ ᠳᠣᠬᠳᠠᠭᠠᠯ ᠭᠠᠷᠭᠠᠪᠠ᠃    2003 ᠣᠨ ᠤ 6 ᠳ᠋ᠣᠭᠠᠷ ᠰᠠᠷ᠎ᠠ ᠳᠤ ᠳᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠠᠴᠠ ᠡᠷᠳᠡᠨᠢᠳᠣᠬᠳᠠᠬᠤ ᠨᠦᠬᠦᠷ ᠢ ︽ᠪᠦᠬᠦ ᠣᠯᠣᠰ ᠤᠨ ᠰᠢᠯᠢᠳᠡᠭ ᠡᠪ ᠬᠠᠮᠳᠣ ᠨᠠᠮ ᠤᠨ ᠬᠡᠰᠢᠬᠦᠨ︾ ᠢᠶᠠᠷ ᠴᠣᠯᠠᠯᠠᠪᠠ᠃    2003 ᠣᠨ ᠤ 6 ᠳ᠋ᠣᠭᠠᠷ ᠰᠠᠷ᠎ᠠ ᠶᠢᠨ 28 ᠤ ᠡᠳᠣᠷ ᠳᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠠᠴᠠ ᠡᠷᠳᠡᠨᠢᠳᠣᠬᠳᠠᠬᠤ ᠨᠦᠬᠦᠷ ᠢ ᠪᠦᠬᠦ ᠣᠯᠣᠰ ᠤᠨ ᠨᠡᠶᠢᠳᠡᠯᠢᠭ ᠪᠣᠰᠣ ᠠᠭᠤᠰᠬᠢᠨ ᠦᠷᠪᠢᠰᠦᠯ ᠢ ᠰᠡᠷᠬᠡᠶᠢᠯᠡᠨ ᠵᠠᠰᠠᠬᠤ ᠠᠵᠢᠯ ᠤᠨ ᠰᠢᠯᠢᠳᠡᠭ ᠡᠪ ᠬᠠᠮᠳᠣ ᠨᠠᠮ ᠤᠨ ᠬᠡᠰᠢᠬᠦᠨ ᠢᠶᠠᠷ ᠬᠦᠬᠢᠬᠦᠯᠦᠨ ᠰᠠᠶᠢᠰᠢᠶᠠᠪᠠ᠃    2003 ᠣᠨ ᠤ 7 ᠳ᠋ᠣᠭᠠᠷ ᠰᠠᠷ᠎ᠠ ᠶᠢᠨ 7 ᠤ ᠡᠳᠣᠷ ᠣᠯᠣᠰ ᠤᠨ ᠠᠵᠢᠯᠳᠡᠨ ᠤ ᠶᠠᠪᠣᠳᠠᠯ ᠤᠨ ᠶᠠᠮᠣᠨ ᠠᠴᠠ ᠡᠷᠳᠡᠨᠢᠳᠣᠬᠳᠠᠬᠤ ᠨᠦᠬᠦᠷ ᠢ ︽ᠠᠷᠠᠳ ᠲᠦᠮᠡᠨ ᠳᠤ ᠳᠠᠭᠠᠰᠢᠶᠠᠬᠳᠠᠬᠰᠠᠨ ᠠᠯᠪᠠᠳᠠᠨ︾ ᠢᠶᠠᠷ ᠨᠡᠬᠡᠮᠵᠢᠯᠡᠨ ᠴᠣᠯᠠᠯᠠᠪᠠ᠃    ᠡᠷᠳᠡᠨᠢᠳᠣᠬᠳᠠᠬᠤ ᠨᠦᠬᠦᠷ ᠪᠣᠯ ᠠᠯᠢᠪᠠ ᠪᠠᠨ ᠠᠷᠠᠳ ᠲᠦᠮᠡᠨ ᠳᠡᠭᠡᠨ ᠵᠣᠷᠢᠭᠤᠯᠵᠣ᠂ ᠴᠠᠭ ᠡᠷᠡᠨ ᠲᠠᠢ ᠣᠷᠣᠯᠳᠣᠨ᠂ ᠣᠷᠣᠨ ᠨᠣᠳᠤᠭ ᠤᠨ ᠢᠶᠠᠨ ᠪᠦᠳᠣᠬᠡᠨ ᠪᠠᠶᠢᠭᠤᠯᠣᠯᠳᠠ ᠳᠤ ᠬᠦᠴᠦᠨ ᠴᠢᠳᠠᠯ ᠢᠶᠠᠨ ᠡᠷᠬᠦᠭᠰᠡᠨ ᠨᠢᠬᠡᠨ ᠦᠶ᠎ᠡ ᠶᠢᠨ ᠰᠢᠯᠢᠳᠡᠭ ᠣᠳᠣᠷᠢᠳᠬᠤ ᠺᠡᠳᠡᠷ ᠤᠨ ᠲᠦᠯᠦᠬᠡᠯᠡᠭᠴᠢ ᠪᠣᠯᠣᠨ᠎ᠠ᠃ ᠳᠠᠷᠠ ᠰᠦᠨᠢᠳ ᠤᠨ ᠳᠠᠯ᠎ᠠ ᠨᠣᠳᠤᠭ  ᠤᠨ ᠠᠷᠠᠳ ᠲᠦᠮᠡᠨ ᠤ ᠰᠡᠳᠬᠢᠯ ᠳᠤ ᠬᠤᠨᠣᠬᠰᠢᠵᠣ ᠮᠦᠩᠬᠡ ᠶᠢᠨ ᠳᠣᠷᠠᠳᠬᠠᠯ ᠪᠣᠯᠵᠣ᠂ ᠲᠡᠣᠬᠡ ᠶᠢᠨ ᠬᠠᠭᠤᠳᠠᠰᠣᠨ᠎ᠠ ᠳᠡᠮᠳᠡᠭᠯᠡᠭᠳᠡᠬᠦ ᠶᠣᠰᠣᠳᠠᠢ᠃
 
ᠢᠷᠡᠯᠲᠡ᠄ ︽ᠰᠦᠨᠢᠳ ᠵᠡᠬᠦᠨ ᠬᠤᠰᠢᠭᠤᠨ ᠤ ᠨᠠᠷᠠᠳᠣ ᠴᠣᠣᠳᠣ ᠬᠦᠮᠥᠰ ᠤᠨ ᠴᠠᠳᠢᠭ︾ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号