ᠬᠠᠰᠴᠢᠯᠠᠭᠤ
ᠨᠡᠶᠢᠲᠡᠯᠡᠭᠰᠡᠨ ᠴᠠᠭ᠄
2013/7/2
             ᠬᠠᠰᠴᠢᠯᠠᠭᠤ      ᠬᠠᠰᠴᠢᠯᠠᠭᠤ᠂ ᠡᠷᠡᠭᠳᠠᠢ᠂ ᠮᠣᠩᠭᠤᠯ ᠦᠨᠳᠣᠰᠦᠳᠡᠨ᠂ ᠨᠠᠮ ᠤᠨ ᠬᠡᠰᠢᠬᠦᠨ᠂ 1939 ᠣᠨ ᠳᠤ ᠰᠦᠨᠢᠳ ᠵᠡᠬᠦᠨ ᠬᠤᠰᠢᠭᠤᠨ ᠤ ᠪᠠᠶ᠋ᠬᠠᠭᠤᠯᠠ ᠰᠣᠮᠣᠨ ᠤ ᠷᠠᠰᠢᠶᠠᠨᠪᠣᠯᠠᠭ ᠭᠠᠴᠠᠭᠠᠨ ᠤ ᠵᠢᠷ ᠤᠨ ᠨᠢᠬᠡᠨ ᠮᠠᠯᠴᠢᠨ ᠤ ᠭᠡᠷ ᠳᠤ ᠲᠦᠷᠦᠵᠣ᠂ ᠣᠣᠯ ᠤᠨ ᠴᠠᠩᠳᠣᠰᠢᠯᠢ ᠰᠣᠮᠣᠨ ᠤ ᠪᠠᠶᠠᠨᠨᠠᠭᠤᠷ ᠭᠠᠴᠠᠭᠠᠨ ᠤ ᠠᠶᠢᠯ ᠤᠨ ᠡᠷᠬᠦᠮᠠᠯ ᠪᠣᠯᠵᠣ ᠦᠰᠴᠠᠢ᠃ 2004 ᠣᠨ ᠤ 7 ᠳ᠋ᠣᠭᠠᠷ ᠰᠠᠷ᠎ᠠ ᠶᠢᠨ 1 ᠳᠤ ᠡᠪᠡᠳᠴᠢᠨ ᠢᠶᠠᠷ ᠨᠠᠰᠣ ᠪᠠᠷᠠᠪᠠ᠃     1952 ᠣᠨ ᠳᠤ ᠰᠦᠨᠢᠳ ᠵᠡᠬᠦᠨ ᠬᠤᠰᠢᠭᠤᠨ ᠤ ᠷᠠᠰᠢᠶᠠᠨᠳᠣ ᠶᠢᠨ ᠪᠦᠷᠢᠨ ᠪᠠᠭ᠎ᠠ ᠰᠣᠷᠭᠠᠭᠤᠯᠢ ᠳᠤ ᠣᠷᠣᠭᠠᠳ᠂ 1957 ᠣᠨ ᠳᠤ ᠰᠣᠷᠭᠠᠭᠤᠯᠢ ᠪᠠᠨ ᠠᠮᠵᠢᠯᠳᠠ ᠲᠠᠢ ᠳᠠᠬᠦᠰᠬᠡᠬᠡᠳ᠂ ᠭᠡᠷ ᠲᠡᠭᠡᠨ ᠬᠠᠷᠢᠵᠣ ᠮᠠᠯ ᠬᠠᠷᠢᠭᠤᠯᠵᠠᠢ᠃      ᠬᠠᠰᠴᠢᠯᠠᠭᠤ ᠨᠦᠬᠦᠷ 1961 ᠣᠨ ᠠᠴᠠ ᠡᠬᠢᠯᠡᠵᠣ ᠮᠠᠯᠴᠢᠨ ᠵᠠᠶᠠᠭ᠎ᠠ ᠡᠳᠡᠯᠡᠵᠣ ᠶᠠᠪᠣᠬᠤ ᠳᠠᠭᠠᠨ ᠠᠬᠳᠠ ᠬᠦᠯᠦᠭ᠂ ᠠᠳᠠᠨ ᠳᠠᠮᠠᠬᠡᠨ ᠤ ᠨᠢᠷᠣᠭᠤᠨ ᠳᠠᠬᠡᠷ᠎ᠡ ᠡᠯᠡᠬᠡᠵᠣ ᠶᠠᠪᠣᠬᠰᠠᠨ ᠳᠡᠳᠦᠢ ᠦᠭᠡᠢ ᠮᠠᠯ ᠤᠨ ᠡᠪᠡᠳᠴᠢᠨ ᠬᠡᠮ ᠢ ᠡᠮᠨᠠᠨ ᠵᠠᠰᠠᠵᠣ᠂ ᠭᠠᠴᠠᠭᠠᠨ ᠳᠠᠭᠠᠨ ᠮᠠᠯ ᠡᠮᠴᠢ ᠶᠢᠨ ᠠᠵᠢᠯ ᠬᠢᠵᠣ ᠶᠠᠪᠣᠵᠠᠢ᠃     1970 ᠣᠨ ᠳᠤ ᠳᠣᠮᠳᠠᠳᠣ ᠣᠯᠣᠰ ᠤᠨ ᠡᠪ ᠬᠠᠮᠳᠣ ᠨᠠᠮ ᠳᠤ ᠡᠯᠰᠡᠭᠳᠡᠪᠠ᠃     1976 ᠣᠨ ᠠᠴᠠ ᠡᠬᠢᠯᠡᠨ ᠪᠠᠶᠠᠨᠨᠠᠭᠤᠷ ᠭᠠᠴᠠᠭᠠᠨ ᠤ ᠪᠠᠨ ᠰᠠᠩ ᠬᠠᠮᠢᠶᠠᠷᠣᠬᠴᠢ ᠶᠢᠨ ᠠᠵᠢᠯ ᠳᠠᠭᠠᠭᠠᠴᠢᠯᠠᠨ᠂ ᠬᠠᠮᠳᠣ ᠨᠡᠶᠢᠳᠡ ᠶᠢᠨ ᠡᠳ᠋ ᠬᠤᠬᠰᠢᠯ ᠢ ᠬᠢᠮᠡᠭᠠᠳᠠᠨ ᠬᠠᠮᠠᠭᠠᠯᠠᠵᠣ ᠪᠦᠬᠦᠯᠢ ᠳᠣᠯᠣᠭᠠᠨ ᠵᠢᠯ ᠬᠢᠵᠠᠢ᠃     1983 ᠣᠨ ᠠᠴᠠ 1988 ᠣᠨ ᠪᠣᠯᠳᠠᠯ᠎ᠠ ᠳᠣᠰ ᠭᠠᠴᠠᠭᠠᠨ ᠳᠠᠷᠤᠭ᠎ᠠ ᠶᠢᠨ ᠠᠵᠢᠯ ᠢ ᠬᠠᠷᠢᠭᠤᠴᠠᠨ ᠬᠢᠪᠡ ᠃ ᠳᠡᠷᠡ ᠡᠨᠡ ᠬᠦ ᠬᠤᠭᠤᠴᠠᠭᠠᠨ ᠳᠤ ᠮᠠᠯᠴᠢᠨ ᠲᠦᠮᠡᠨ ᠢᠶᠠᠨ ᠳᠠᠭᠠᠭᠤᠯᠵᠣ ᠪᠠᠶᠠᠵᠢᠨ ᠴᠢᠨᠡᠬᠡᠯᠢᠭᠵᠢᠬᠦ ᠵᠠᠮ ᠢᠶᠠᠷ ᠵᠣᠷᠢᠬᠳᠠᠢ ᠠᠯᠬᠤᠵᠣ᠂ ᠦᠪᠡᠷ ᠤᠨ ᠪᠡᠶ᠎ᠡ ᠪᠠᠷ ᠢᠶᠠᠨ ᠬᠡᠪ ᠲᠦᠷᠢᠮ ᠪᠣᠯᠵᠣ ᠡᠬᠦᠷᠬᠡ ᠪᠠᠨ ᠠᠮᠵᠢᠯᠳᠠ ᠲᠠᠢ ᠪᠡᠶᠠᠯᠡᠬᠦᠯᠥᠭᠰᠡᠨ ᠠᠴᠠ ᠠᠷᠠᠳ ᠣᠯᠠᠨ ᠤ ᠪᠠᠨ ᠬᠦᠷᠢᠶᠠᠯᠠᠯ ᠢ ᠣᠯᠵᠣ᠂ 1984 ᠣᠨ ᠳᠤ ᠬᠤᠰᠢᠭᠤ ᠠᠷᠠᠳ ᠤᠨ ᠲᠦᠯᠦᠬᠡᠯᠡᠭᠴᠢ ᠪᠠᠷ ᠰᠣᠩᠭᠤᠬᠳᠠᠨ᠂ ᠰᠢᠯᠢᠳᠡᠭ ᠨᠠᠮ ᠤᠨ ᠬᠡᠰᠢᠬᠦᠨ᠂ ᠳᠠᠷᠢᠬᠦᠨ ᠤ ᠠᠵᠢᠯᠳᠠᠨ ᠵᠡᠷᠬᠡ ᠢᠷᠡᠭᠤ ᠠᠯᠳᠠᠷ ᠢ ᠣᠯᠣᠬᠰᠠᠨ ᠪᠠᠶᠢᠨ᠎ᠠ᠃     1992 ᠣᠨ ᠳᠤ ᠳᠡᠷᠡ ᠭᠠᠮᠰᠢᠭ ᠲᠠᠢ ᠳᠡᠮᠡᠴᠠᠵᠣ᠂ ᠮᠠᠯ ᠢᠶᠠᠨ ᠬᠠᠮᠠᠭᠠᠯᠠᠬᠰᠠᠨ ᠰᠢᠯᠢᠳᠡᠭ ᠠᠮᠵᠢᠯᠳᠠ ᠣᠯᠵᠣ᠂ ᠰᠢᠯᠢ ᠶᠢᠨ ᠭᠤᠣᠯ ᠠᠶᠢᠮᠠᠭ ᠤᠨ ᠬᠦᠳᠡᠯᠮᠦᠷᠢ ᠶᠢᠨ ᠵᠢᠱᠢᠶᠠᠴᠢ ᠪᠣᠯᠣᠭᠠᠳ ᠦᠩᠬᠡ ᠬᠡᠷᠡᠯ ᠢᠷᠡᠭᠤ ᠠᠯᠳᠠᠷ  ᠤᠨ ᠦᠨᠡᠮᠯᠡᠯ ᠭᠠᠷᠳᠡᠪᠠ᠃     ᠬᠠᠰᠴᠢᠯᠠᠭᠤ ᠨᠦᠬᠦᠷ ᠮᠠᠯ ᠠᠵᠣ ᠠᠬᠤᠢ ᠪᠠᠨ ᠬᠦᠭᠵᠢᠬᠦᠯᠬᠦ ᠳᠤ ᠮᠠᠯ ᠤᠨ ᠡᠪᠡᠳᠴᠢᠨ ᠬᠢᠵᠢᠭ ᠢ ᠴᠠᠭ ᠳᠣᠬᠠᠢ ᠳᠤᠨᠢ ᠰᠡᠷᠬᠡᠶᠢᠯᠠᠨ ᠡᠮᠨᠡᠨ ᠵᠠᠰᠠᠵᠣ᠂ ᠡᠵᠡᠩᠨᠡᠨ ᠬᠠᠮᠢᠶᠠᠷᠠᠬᠤ ᠳᠠᠯ᠎ᠠ ᠪᠠᠷ ᠡᠯᠪᠡᠭ ᠪᠠᠶᠠᠯᠢᠭ ᠠᠷᠭ᠎ᠠ ᠳᠣᠷᠰᠢᠯᠭ᠎ᠠ ᠬᠤᠷᠠᠮᠳᠣᠭᠤᠯᠵᠣ ᠮᠠᠯ ᠪᠡᠯᠴᠢᠬᠡᠷ ᠢ ᠵᠣᠬᠢᠰᠳᠠᠢ ᠳᠣᠬᠢᠷᠠᠭᠤᠯᠣᠨ ᠰᠠᠭᠤᠷᠢ ᠪᠦᠳᠣᠬᠡᠨ ᠪᠠᠶᠢᠭᠤᠯᠣᠯᠳᠠ ᠶᠢ ᠰᠠᠶᠢᠳᠣᠷ ᠬᠢᠵᠣ᠂ ᠳᠣᠣᠷ ᠬᠦᠷᠢᠶ᠎ᠠ᠂ ᠳᠠᠷᠢᠮᠠᠯ ᠤᠨ ᠴᠢᠭ᠂ ᠫᠸᠡᠭ ᠬᠤᠷᠤᠭ᠎ᠠ᠂ ᠰᠠᠭᠤᠷᠢᠰᠢᠯ ᠤᠨ ᠪᠦᠳᠣᠬᠡᠨ ᠪᠠᠶᠢᠭᠤᠯᠣᠯᠳᠠ ᠶᠢ ᠪᠠᠬᠢᠵᠢᠬᠦᠯᠦᠨ᠂ ᠮᠠᠯ ᠤᠨ ᠴᠢᠨᠠᠷ ᠴᠢᠨᠰᠠᠭ᠎ᠠ᠂ ᠡᠬᠦᠯᠳᠡᠷ ᠣᠬᠰᠠᠭ᠎ᠠ ᠶᠢ ᠰᠠᠶᠢᠵᠢᠷᠠᠭᠤᠯᠬᠤ ᠠᠵᠢᠯ  ᠢ ᠴᠢᠩᠭ᠎ᠠ ᠠᠳᠬᠤᠵᠣ᠂ ᠮᠠᠯ ᠰᠦᠷᠦᠭ ᠤᠨ ᠪᠦᠳᠣᠴᠡ ᠳᠤ ᠳᠣᠬᠢᠷᠠᠭᠤᠯᠣᠯᠳᠠ ᠬᠢᠵᠣ᠂ ᠦᠬᠡᠷ᠂ ᠬᠤᠨᠢ ᠦᠰᠬᠡᠬᠦ  ᠪᠠᠨ ᠭᠤᠣᠯ ᠪᠣᠯᠭᠠᠨ᠂ ᠰᠢᠷᠭᠠᠭᠤ ᠬᠦᠳᠡᠯᠮᠣᠷᠢ ᠪᠠᠷ ᠢᠶᠠᠨ ᠳᠡᠭᠵᠢᠷᠡᠵᠣ᠂ ᠴᠢᠨᠡᠬᠡᠯᠢᠭ ᠤᠨ ᠪᠠᠷᠢᠮᠵᠢᠶᠠᠨ ᠤ ᠨᠦᠬᠦᠴᠡᠯ ᠱᠠᠭᠠᠷᠳᠠᠯᠭ᠎ᠠ ᠶᠢ ᠪᠠᠶᠠᠯᠡᠬᠦᠯᠵᠣ ᠴᠢᠳᠠᠬᠰᠠᠨ ᠪᠣᠯᠬᠤᠷ 1995 ᠣᠨ ᠳᠤ ᠡᠳᠡᠨ ᠤ ᠬᠢᠨ ᠬᠤᠰᠢᠭᠤ ᠳᠡᠰ ᠤᠨ ︽ᠪᠣᠯᠪᠠᠰᠣᠨ ᠴᠢᠨᠡᠬᠡᠯᠢᠭ ᠡᠷᠦᠬᠡ︾᠂ ︽ᠦᠬᠡᠷ ᠮᠠᠯᠵᠢᠬᠰᠠᠨ ᠮᠠᠩᠯᠠᠢ ᠡᠷᠦᠬᠡ︾ ᠪᠠᠷ ᠨᠡᠷᠡᠶᠢᠳᠦᠭᠳᠡᠵᠣ᠂ ᠱᠠᠩᠨᠠᠯ ᠬᠦᠬᠢᠬᠦᠯᠦᠯ ᠳᠣᠰᠴᠠᠢ᠃     ᠠᠵᠢᠯᠴᠢ ᠬᠤᠶᠠᠷ ᠭᠠᠷ ᠢᠶᠠᠷ ᠢᠶᠠᠨ ᠠᠳᠠᠯ ᠦᠢᠯᠡᠰ ᠪᠣᠰᠬᠠᠵᠣ᠂ ᠠᠷᠠᠳ ᠣᠯᠠᠨ ᠤ ᠪᠠᠨ ᠳᠣᠮᠳᠠ ᠠᠮᠠ ᠳᠠᠮᠵᠢᠬᠳᠠᠨ ᠮᠠᠬᠳᠠᠬᠳᠠᠵᠣ ᠶᠠᠪᠣᠬᠰᠠᠨ ᠬᠠᠰᠴᠢᠯᠠᠭᠤ ᠨᠦᠬᠦᠷ ᠤᠨ ᠬᠦᠯᠦᠰᠦ ᠣᠷᠣᠰᠬᠠᠬᠰᠠᠨ ᠬᠦᠳᠡᠯᠮᠣᠷᠢ ᠨᠢ ᠭᠤᠮᠣᠳᠠᠭᠠᠬᠰᠠᠨ ᠦᠭᠡᠢ᠃ 1996 ᠣᠨ ᠳᠤ ᠪᠦᠬᠦ ᠬᠤᠰᠢᠭᠤᠨ ᠤ ᠠᠷᠪᠠᠨ ᠰᠣᠳᠣᠨ ᠳᠠᠭᠠᠭᠤᠯᠣᠬᠴᠢ ᠶᠢᠨ ᠨᠢᠬᠡ ᠪᠣᠯᠵᠣ᠂ 2000 ᠣᠨ ᠳᠤ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠶᠢᠰᠢᠶᠠᠯ ᠬᠦᠬᠢᠬᠦᠯᠦᠯ ᠢ ᠣᠯᠵᠣ᠂ ᠣᠷᠣᠨ ᠤ ᠳᠠᠰ ᠤᠨ ᠬᠦᠳᠡᠯᠮᠦᠷᠢ ᠶᠢᠨ ᠵᠢᠱᠢᠶᠠᠴᠢ   ᠪᠠᠷ ᠨᠡᠷᠡᠶᠢᠳᠦᠭᠳᠡᠪᠡ᠃
 
ᠢᠷᠡᠯᠲᠡ᠄ ︽ᠰᠦᠨᠢᠳ ᠵᠡᠬᠦᠨ ᠬᠤᠰᠢᠭᠤᠨ ᠤ ᠨᠠᠷᠠᠳᠣ ᠴᠣᠣᠳᠣ ᠬᠦᠮᠥᠰ ᠤᠨ ᠴᠠᠳᠢᠭ︾ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号