ᠰᠦᠨᠢᠳ ᠬᠤᠨᠢᠨ ᠮᠢᠬ᠎ᠠ ᠡᠯᠧᠺᠲᠷᠤᠨ ᠠᠷᠠᠯᠵᠢᠶᠠᠨ ᠤ ᠰᠦᠯᠵᠢᠶᠡᠨ | ᠲᠡᠭᠡᠷ᠎ᠠ ᠪᠤᠷᠤᠯᠠᠭᠤᠯᠤᠭᠳᠠᠵᠦ ᠠᠰᠢᠭ ᠬᠦᠷᠳᠡᠵᠦ ᠡᠬᠢᠯᠡᠪᠡ | 2014 ᠤᠨ ᠤ ᠵᠢᠯ ᠤᠨ ᠡᠴᠤᠰ ᠢᠶᠠᠷ ᠰᠦᠨᠢᠳ ᠬᠤᠨᠢᠨ ᠮᠢᠬ᠎ᠠ ᠲᠢᠶᠠᠨ ᠮᠤᠤ ᠡᠯᠧᠺᠲᠷᠤᠨ ᠠᠷᠠᠯᠵᠢᠶᠠᠨ ᠤ | ᠰᠦᠯᠵᠢᠶᠡᠨ ᠳᠤ ᠭᠠᠷᠴᠤ᠂ ︽ᠠᠶᠤᠯᠬᠦᠢ ᠢᠳᠡᠬᠡᠨ ᠤ ᠳᠤᠰᠬᠠᠢ ᠡᠵᠡᠩᠨᠡᠨ ᠪᠤᠷᠤᠯᠠᠭᠤᠯᠬᠤ ᠳᠡᠯᠬᠡᠬᠦᠷ︾ ᠵᠢᠩᠬᠢᠨᠢ ᠪᠠᠷ | ᠰᠦᠯᠵᠢᠶᠡᠨ ᠲᠡᠭᠡᠷ᠎ᠠ ᠨᠡᠭᠡᠭᠡᠭᠳᠡᠵᠦ᠂ ᠦᠷᠬᠡᠨ ᠤᠯᠠᠠ ᠰᠦᠯᠵᠢᠶᠡᠨ ᠤ ᠠᠷᠠᠳ ᠪᠠ ᠮᠠᠯᠴᠢᠨ ᠲᠦᠮᠡᠨ ᠤ ᠠᠩᠬᠠᠷᠤᠯ ᠢ | ᠬᠦᠴᠦᠳᠠᠢ ᠳᠠᠳᠠᠪᠠ᠃ | ᠤᠷᠴᠢᠮᠬᠠᠠ᠂ ᠲᠢᠶᠠᠨ ᠮᠤᠤ ᠡᠯᠧᠺᠲᠷᠤᠨ ᠠᠷᠠᠯᠵᠢᠶᠠᠨ ᠤ ︽ᠠᠶᠤᠯᠬᠦᠢ ᠢᠳᠡᠬᠡᠨ ᠤ ᠳᠤᠰᠬᠠᠢ ᠡᠵᠡᠩᠨᠡᠨ | ᠪᠤᠷᠤᠯᠠᠭᠤᠯᠬᠤ ᠳᠡᠯᠬᠡᠬᠦᠷ︾ ᠠᠴᠠ ᠰᠦᠨᠢᠳ ᠵᠡᠬᠦᠨ ᠬᠤᠰᠢᠭᠤᠨ ᠤ ᠳᠠᠯᠠᠢ ᠰᠤᠮᠤ ᠶᠢᠨ ᠬᠦᠭᠵᠢᠯᠳᠤ ᠭᠠᠴᠠᠭᠠᠠ ᠤ ︽ | ᠰᠢᠮᠡᠳᠤ︾ ᠬᠤᠷᠰᠢᠶᠠᠵᠢᠯ ᠲᠠᠢ ᠬᠡᠷ᠎ᠡ ᠳᠤᠭᠳᠠᠨ ᠬᠤᠳᠠᠯᠳᠤᠨ ᠠᠪᠤᠭᠰᠠᠨ 500 ᠡᠭᠡᠮᠦᠭ ᠵᠡᠬᠦᠯᠬᠡᠭᠰᠡᠨ ᠬᠤᠨᠢᠨ ᠤ ᠠᠰᠢᠭ ᠢ | ᠬᠤᠪᠢᠶᠠᠷᠢᠯᠠᠬᠤ ᠠᠮᠠᠯᠠᠯᠳᠠ ᠪᠠᠨ ᠪᠡᠶᠡᠯᠡᠬᠦᠯᠵᠦ᠂ ᠳᠤᠰ ᠬᠤᠷᠰᠢᠶᠠᠵᠢᠯ ᠳᠤ 2 ᠲᠦᠮᠡᠨ ᠲᠦᠭᠦᠷᠢᠭ ᠤᠨ ᠠᠰᠢᠭ | ᠬᠤᠪᠢᠶᠠᠷᠢᠯᠠᠭᠰᠠᠨ ᠪᠠᠶᠢᠨ᠎ᠠ᠃ ᠰᠦᠨᠢᠳ ᠬᠤᠨᠢᠨ ᠮᠢᠬ᠎ᠠ ᠲᠢᠶᠠᠨ ᠮᠤᠤ ᠡᠯᠧᠺᠲᠷᠤᠨ ᠠᠷᠠᠯᠵᠢᠶᠠᠨ ᠤ ᠰᠦᠯᠵᠢᠶᠡᠨ ᠳᠤ | ᠭᠠᠷᠴᠤ ᠪᠤᠷᠤᠯᠠᠭᠤᠯᠤᠭᠳᠠᠭᠰᠠᠨ ᠠᠴᠠ ᠨᠠᠰᠢᠬᠢ 4 ᠰᠠᠷ᠎ᠠ ᠤᠷᠴᠢᠮ ᠤᠨ ᠬᠤᠭᠤᠴᠠᠭᠠᠠ ᠳᠤ᠂ ︽ ᠬᠤᠷᠰᠢᠶᠠᠵᠢᠯ + ᠠᠵᠦ | ᠠᠬᠤᠶᠢᠯᠠᠯ + ᠡᠯᠧᠺᠲᠷᠤᠨ ᠬᠤᠳᠠᠯᠳᠤᠭ᠎ᠠ︾ ᠶᠢᠨ ᠵᠠᠭᠪᠦᠷ ᠢᠶᠠᠷ ᠠᠵᠦ ᠦᠢᠯᠡᠰᠵᠢᠯᠳᠡ ᠠᠴᠠ ᠬᠠᠷᠢᠯᠴᠠᠨ ᠠᠰᠢᠭ ᠬᠦᠷᠳᠡᠬᠦ | ᠂ ᠦᠷ᠎ᠠ ᠠᠰᠢᠭ ᠢ ᠬᠠᠮᠳᠤᠪᠡᠷ ᠡᠳ᠋ᠯᠡᠬᠦ᠂ ᠠᠶᠤᠯ ᠲᠦᠭᠰᠢᠬᠦᠷᠢ ᠶᠢ ᠬᠠᠮᠳᠤᠪᠡᠷ ᠬᠠᠷᠢᠭᠤᠴᠠᠬᠤ ᠬᠠᠮᠳᠤᠷᠠᠯᠴᠠᠭᠠᠠ ᠤ | ᠲᠤᠭᠳᠠᠴᠠ ᠶᠢ ᠠᠮᠵᠢᠯᠳᠠ ᠲᠠᠢ ᠦᠢᠯᠡᠳᠤᠯᠭᠡᠵᠢᠬᠦᠯᠦᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠂ ᠰᠦᠨᠢᠳ ᠬᠤᠨᠢᠨ ᠤ | ᠮᠠᠯᠵᠢᠯᠭ᠎ᠠ᠂ ᠡᠳ᠋ᠰᠢᠬᠦᠯᠦᠯᠳᠡ ᠪᠠ ᠪᠤᠷᠤᠯᠠᠭᠤᠯᠭ᠎ᠠ ᠶᠢᠨ ᠬᠦᠭᠵᠢᠯᠳᠡ ᠳᠤ ᠢᠯᠡᠷᠭᠡᠢ ᠦᠢᠯᠡᠳᠤᠯ ᠭᠠᠷᠭᠠᠭᠰᠠᠨ ᠪᠠᠶᠢᠨ᠎ᠠ᠃ | | ᠰᠦᠨᠢᠳ ᠬᠤᠨᠢᠨ ᠮᠢᠬ᠎ᠠ ᠶᠢ ᠰᠦᠯᠵᠢᠶᠡᠨ ᠲᠡᠭᠡᠷ᠎ᠡ ᠪᠤᠷᠤᠯᠠᠭᠤᠯᠤᠭᠰᠠᠨ ᠶᠠᠪᠤᠳᠠᠯ ᠨᠢ ᠰᠦᠨᠢᠳ ᠵᠡᠬᠦᠨ ᠬᠤᠰᠢᠭᠤ | ︽ᠰᠢᠯᠢ ᠶᠢᠨ ᠭᠤᠤᠯ ᠠᠶᠢᠮᠠᠭ ᠤᠨ ᠬᠤᠨᠢᠨ ᠮᠢᠬᠠᠨ︾ ᠤ ᠪᠦᠬᠦ ᠠᠵᠦ ᠦᠢᠯᠡᠰ ᠤᠨ ᠬᠡᠯᠬᠢᠶᠡᠵᠢᠯ ᠤᠨ ᠮᠦᠷᠳᠡᠬᠦ | ᠰᠢᠰᠲ᠋ᠧᠮ ᠤᠨ ᠪᠠᠶᠢᠭᠤᠯᠤᠯᠳᠠ ᠶᠢᠨ ᠳᠤᠷᠰᠢᠯᠳᠠ ᠶᠢᠨ ᠬᠤᠰᠢᠭᠤ ᠪᠠ ᠦᠪᠡᠷᠳᠡᠬᠡᠨ ᠵᠠᠰᠠᠬᠤ ᠤᠷᠤᠨ ᠤ ᠮᠠᠯᠵᠢᠬᠤ | ᠤᠷᠤᠨ ᠤ ᠶᠡᠷᠤᠩᠬᠡᠶᠢᠯᠡᠭᠰᠡᠨ ᠦᠬᠡᠷᠡᠴᠢᠯᠡᠯᠳᠡ ᠶᠢᠨ ᠵᠢᠱᠢᠶ᠎ᠡ ᠦᠵᠡᠬᠦᠯᠬᠦ ᠴᠢᠭ ᠢᠶᠠᠷ ᠳᠤᠭᠳᠠᠭᠠᠭᠳᠠᠭᠰᠠᠨ ᠤ ᠳᠠᠷᠠᠭ᠎ᠠ᠂ | ᠮᠠᠯᠵᠢᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠮᠠᠯ ᠤᠨ ᠠᠰᠢᠭ ᠰᠢᠮ᠎ᠡ ᠶᠢᠨ ᠪᠦᠳᠦᠬᠡᠭᠳᠡᠬᠦᠨ ᠤ ᠬᠦᠢᠯᠬᠡᠬᠡ | ᠦᠢᠯᠡᠴᠢᠯᠡᠭᠡ ᠶᠢ ᠰᠢᠯᠤᠭᠤᠳᠬᠠᠬᠤ ᠪᠠᠷ ᠠᠪᠤᠭᠰᠠᠨ ᠠᠯᠢ ᠤᠯᠠᠠ ᠠᠷᠭ᠎ᠠ ᠬᠡᠮᠵᠢᠶ᠎ᠠ ᠶᠢᠨ ᠨᠢᠬᠡ ᠪᠦᠭᠡᠳ ᠳᠤᠰ | ᠬᠤᠰᠢᠭᠤᠨ ᠤ ᠠᠷᠠᠳ ᠢᠶᠠᠨ ᠴᠢᠨᠡᠬᠡᠯᠢᠭᠵᠢᠬᠦᠯᠵᠦ ᠬᠤᠰᠢᠭᠤ ᠪᠠᠨ ᠬᠦᠴᠦᠷᠬᠡᠭᠵᠢᠬᠦᠯᠬᠦ ᠨᠢᠬᠡᠨ ᠴᠢᠬᠤᠯᠠ ᠠᠷᠭ᠎ᠠ ᠬᠡᠮᠵᠢᠶ᠎ᠠ | ᠪᠠᠶᠢᠵᠦ᠂ ᠮᠥᠨ ᠴᠦ ︽ᠰᠦᠨᠢᠳ ᠬᠤᠨᠢᠨ ᠮᠢᠬ᠎ᠠ︾ ᠶᠢᠨ ᠨᠡᠷᠡᠳᠤ ᠳᠡᠮᠳᠡᠭ ᠤᠨ ᠳᠠᠶᠠᠭᠠᠷᠴᠢᠯᠠᠯ ᠳᠤ ᠴᠢᠬᠤᠯᠠ ᠳᠠᠪᠴᠠᠩ ᠢ | ᠡᠬᠦᠳᠦᠭᠰᠡᠨ ᠦᠢᠯᠡ ᠠᠵᠢᠯᠯᠠᠭ᠎ᠠ ᠪᠤᠯᠬᠤ ᠶᠤᠮ᠃ | | | |