ᠰᠦᠨᠢᠳ ᠬᠤᠨᠢᠨ ᠮᠢᠬ᠎ᠠ ᠡᠯᠧᠺᠲᠷᠤᠨ ᠠᠷᠠᠯᠵᠢᠶᠠᠨ ᠤ ᠰᠦᠯᠵᠢᠶᠡᠨ ᠲᠡᠭᠡᠷ᠎ᠠ ᠪᠤᠷᠤᠯᠠᠭᠤᠯᠤᠭᠳᠠᠵᠦ ᠠᠰᠢᠭ ᠬᠦᠷᠳᠡᠵᠦ ᠡᠬᠢᠯᠡᠪᠡ
ᠨᠡᠶᠢᠲᠡᠯᠡᠭᠰᠡᠨ ᠴᠠᠭ᠄
2015/12/17
                ᠰᠦᠨᠢᠳ ᠬᠤᠨᠢᠨ ᠮᠢᠬ᠎ᠠ ᠡᠯᠧᠺᠲᠷᠤᠨ ᠠᠷᠠᠯᠵᠢᠶᠠᠨ ᠤ ᠰᠦᠯᠵᠢᠶᠡᠨ                 ᠲᠡᠭᠡᠷ᠎ᠠ ᠪᠤᠷᠤᠯᠠᠭᠤᠯᠤᠭᠳᠠᠵᠦ ᠠᠰᠢᠭ ᠬᠦᠷᠳᠡᠵᠦ ᠡᠬᠢᠯᠡᠪᠡ          2014 ᠤᠨ ᠤ ᠵᠢᠯ ᠤᠨ ᠡᠴᠤᠰ ᠢᠶᠠᠷ ᠰᠦᠨᠢᠳ ᠬᠤᠨᠢᠨ ᠮᠢᠬ᠎ᠠ ᠲᠢᠶᠠᠨ ᠮᠤᠤ ᠡᠯᠧᠺᠲᠷᠤᠨ ᠠᠷᠠᠯᠵᠢᠶᠠᠨ ᠤ ᠰᠦᠯᠵᠢᠶᠡᠨ ᠳᠤ ᠭᠠᠷᠴᠤ᠂ ︽ᠠᠶᠤᠯᠬᠦᠢ ᠢᠳᠡᠬᠡᠨ ᠤ ᠳᠤᠰᠬᠠᠢ ᠡᠵᠡᠩᠨᠡᠨ ᠪᠤᠷᠤᠯᠠᠭᠤᠯᠬᠤ ᠳᠡᠯᠬᠡᠬᠦᠷ︾  ᠵᠢᠩᠬᠢᠨᠢ ᠪᠠᠷ ᠰᠦᠯᠵᠢᠶᠡᠨ ᠲᠡᠭᠡᠷ᠎ᠠ ᠨᠡᠭᠡᠭᠡᠭᠳᠡᠵᠦ᠂ ᠦᠷᠬᠡᠨ ᠤᠯᠠᠠ ᠰᠦᠯᠵᠢᠶᠡᠨ ᠤ ᠠᠷᠠᠳ ᠪᠠ ᠮᠠᠯᠴᠢᠨ ᠲᠦᠮᠡᠨ ᠤ ᠠᠩᠬᠠᠷᠤᠯ ᠢ ᠬᠦᠴᠦᠳᠠᠢ ᠳᠠᠳᠠᠪᠠ᠃             ᠤᠷᠴᠢᠮᠬᠠᠠ᠂ ᠲᠢᠶᠠᠨ ᠮᠤᠤ ᠡᠯᠧᠺᠲᠷᠤᠨ ᠠᠷᠠᠯᠵᠢᠶᠠᠨ ᠤ ︽ᠠᠶᠤᠯᠬᠦᠢ ᠢᠳᠡᠬᠡᠨ ᠤ ᠳᠤᠰᠬᠠᠢ ᠡᠵᠡᠩᠨᠡᠨ ᠪᠤᠷᠤᠯᠠᠭᠤᠯᠬᠤ ᠳᠡᠯᠬᠡᠬᠦᠷ︾ ᠠᠴᠠ ᠰᠦᠨᠢᠳ ᠵᠡᠬᠦᠨ ᠬᠤᠰᠢᠭᠤᠨ ᠤ ᠳᠠᠯᠠᠢ ᠰᠤᠮᠤ ᠶᠢᠨ ᠬᠦᠭᠵᠢᠯᠳᠤ ᠭᠠᠴᠠᠭᠠᠠ ᠤ ︽ ᠰᠢᠮᠡᠳᠤ︾ ᠬᠤᠷᠰᠢᠶᠠᠵᠢᠯ ᠲᠠᠢ ᠬᠡᠷ᠎ᠡ ᠳᠤᠭᠳᠠᠨ ᠬᠤᠳᠠᠯᠳᠤᠨ ᠠᠪᠤᠭᠰᠠᠨ 500 ᠡᠭᠡᠮᠦᠭ ᠵᠡᠬᠦᠯᠬᠡᠭᠰᠡᠨ ᠬᠤᠨᠢᠨ ᠤ ᠠᠰᠢᠭ ᠢ ᠬᠤᠪᠢᠶᠠᠷᠢᠯᠠᠬᠤ ᠠᠮᠠᠯᠠᠯᠳᠠ ᠪᠠᠨ ᠪᠡᠶᠡᠯᠡᠬᠦᠯᠵᠦ᠂ ᠳᠤᠰ ᠬᠤᠷᠰᠢᠶᠠᠵᠢᠯ ᠳᠤ 2 ᠲᠦᠮᠡᠨ ᠲᠦᠭᠦᠷᠢᠭ ᠤᠨ ᠠᠰᠢᠭ ᠬᠤᠪᠢᠶᠠᠷᠢᠯᠠᠭᠰᠠᠨ ᠪᠠᠶᠢᠨ᠎ᠠ᠃ ᠰᠦᠨᠢᠳ ᠬᠤᠨᠢᠨ ᠮᠢᠬ᠎ᠠ ᠲᠢᠶᠠᠨ ᠮᠤᠤ ᠡᠯᠧᠺᠲᠷᠤᠨ ᠠᠷᠠᠯᠵᠢᠶᠠᠨ ᠤ ᠰᠦᠯᠵᠢᠶᠡᠨ ᠳᠤ ᠭᠠᠷᠴᠤ ᠪᠤᠷᠤᠯᠠᠭᠤᠯᠤᠭᠳᠠᠭᠰᠠᠨ ᠠᠴᠠ ᠨᠠᠰᠢᠬᠢ 4 ᠰᠠᠷ᠎ᠠ ᠤᠷᠴᠢᠮ ᠤᠨ ᠬᠤᠭᠤᠴᠠᠭᠠᠠ ᠳᠤ᠂ ︽ ᠬᠤᠷᠰᠢᠶᠠᠵᠢᠯ + ᠠᠵᠦ ᠠᠬᠤᠶᠢᠯᠠᠯ + ᠡᠯᠧᠺᠲᠷᠤᠨ ᠬᠤᠳᠠᠯᠳᠤᠭ᠎ᠠ︾ ᠶᠢᠨ ᠵᠠᠭᠪᠦᠷ ᠢᠶᠠᠷ ᠠᠵᠦ ᠦᠢᠯᠡᠰᠵᠢᠯᠳᠡ ᠠᠴᠠ ᠬᠠᠷᠢᠯᠴᠠᠨ ᠠᠰᠢᠭ ᠬᠦᠷᠳᠡᠬᠦ ᠂ ᠦᠷ᠎ᠠ ᠠᠰᠢᠭ ᠢ ᠬᠠᠮᠳᠤᠪᠡᠷ ᠡᠳ᠋ᠯᠡᠬᠦ᠂ ᠠᠶᠤᠯ  ᠲᠦᠭᠰᠢᠬᠦᠷᠢ ᠶᠢ ᠬᠠᠮᠳᠤᠪᠡᠷ ᠬᠠᠷᠢᠭᠤᠴᠠᠬᠤ ᠬᠠᠮᠳᠤᠷᠠᠯᠴᠠᠭᠠᠠ ᠤ ᠲᠤᠭᠳᠠᠴᠠ ᠶᠢ ᠠᠮᠵᠢᠯᠳᠠ ᠲᠠᠢ ᠦᠢᠯᠡᠳᠤᠯᠭᠡᠵᠢᠬᠦᠯᠦᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠂ ᠰᠦᠨᠢᠳ ᠬᠤᠨᠢᠨ ᠤ ᠮᠠᠯᠵᠢᠯᠭ᠎ᠠ᠂ ᠡᠳ᠋ᠰᠢᠬᠦᠯᠦᠯᠳᠡ ᠪᠠ ᠪᠤᠷᠤᠯᠠᠭᠤᠯᠭ᠎ᠠ ᠶᠢᠨ ᠬᠦᠭᠵᠢᠯᠳᠡ ᠳᠤ ᠢᠯᠡᠷᠭᠡᠢ ᠦᠢᠯᠡᠳᠤᠯ ᠭᠠᠷᠭᠠᠭᠰᠠᠨ ᠪᠠᠶᠢᠨ᠎ᠠ᠃            ᠰᠦᠨᠢᠳ ᠬᠤᠨᠢᠨ ᠮᠢᠬ᠎ᠠ ᠶᠢ ᠰᠦᠯᠵᠢᠶᠡᠨ ᠲᠡᠭᠡᠷ᠎ᠡ ᠪᠤᠷᠤᠯᠠᠭᠤᠯᠤᠭᠰᠠᠨ ᠶᠠᠪᠤᠳᠠᠯ ᠨᠢ ᠰᠦᠨᠢᠳ ᠵᠡᠬᠦᠨ ᠬᠤᠰᠢᠭᠤ ︽ᠰᠢᠯᠢ ᠶᠢᠨ ᠭᠤᠤᠯ ᠠᠶᠢᠮᠠᠭ ᠤᠨ ᠬᠤᠨᠢᠨ ᠮᠢᠬᠠᠨ︾ ᠤ ᠪᠦᠬᠦ ᠠᠵᠦ ᠦᠢᠯᠡᠰ ᠤᠨ ᠬᠡᠯᠬᠢᠶᠡᠵᠢᠯ ᠤᠨ ᠮᠦᠷᠳᠡᠬᠦ  ᠰᠢᠰᠲ᠋ᠧᠮ ᠤᠨ ᠪᠠᠶᠢᠭᠤᠯᠤᠯᠳᠠ ᠶᠢᠨ ᠳᠤᠷᠰᠢᠯᠳᠠ ᠶᠢᠨ ᠬᠤᠰᠢᠭᠤ ᠪᠠ ᠦᠪᠡᠷᠳᠡᠬᠡᠨ ᠵᠠᠰᠠᠬᠤ ᠤᠷᠤᠨ ᠤ  ᠮᠠᠯᠵᠢᠬᠤ ᠤᠷᠤᠨ ᠤ ᠶᠡᠷᠤᠩᠬᠡᠶᠢᠯᠡᠭᠰᠡᠨ ᠦᠬᠡᠷᠡᠴᠢᠯᠡᠯᠳᠡ ᠶᠢᠨ ᠵᠢᠱᠢᠶ᠎ᠡ ᠦᠵᠡᠬᠦᠯᠬᠦ‍ ᠴᠢᠭ ᠢᠶᠠᠷ ᠳᠤᠭᠳᠠᠭᠠᠭᠳᠠᠭᠰᠠᠨ ᠤ ᠳᠠᠷᠠᠭ᠎ᠠ᠂ ᠮᠠᠯᠵᠢᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠮᠠᠯ ᠤᠨ ᠠᠰᠢᠭ ᠰᠢᠮ᠎ᠡ ᠶᠢᠨ ᠪᠦᠳᠦᠬᠡᠭᠳᠡᠬᠦᠨ ᠤ ᠬᠦᠢᠯᠬᠡᠬᠡ ᠦᠢᠯᠡᠴᠢᠯᠡᠭᠡ ᠶᠢ ᠰᠢᠯᠤᠭᠤᠳᠬᠠᠬᠤ ᠪᠠᠷ ᠠᠪᠤᠭᠰᠠᠨ ᠠᠯᠢ ᠤᠯᠠᠠ ᠠᠷᠭ᠎ᠠ ᠬᠡᠮᠵᠢᠶ᠎ᠠ ᠶᠢᠨ ᠨᠢᠬᠡ ᠪᠦᠭᠡᠳ ᠳᠤᠰ ᠬᠤᠰᠢᠭᠤᠨ ᠤ ᠠᠷᠠᠳ ᠢᠶᠠᠨ ᠴᠢᠨᠡᠬᠡᠯᠢᠭᠵᠢᠬᠦᠯᠵᠦ ᠬᠤᠰᠢᠭᠤ ᠪᠠᠨ ᠬᠦᠴᠦᠷᠬᠡᠭᠵᠢᠬᠦᠯᠬᠦ ᠨᠢᠬᠡᠨ ᠴᠢᠬᠤᠯᠠ ᠠᠷᠭ᠎ᠠ ᠬᠡᠮᠵᠢᠶ᠎ᠠ ᠪᠠᠶᠢᠵᠦ᠂ ᠮᠥᠨ ᠴᠦ ︽ᠰᠦᠨᠢᠳ ᠬᠤᠨᠢᠨ ᠮᠢᠬ᠎ᠠ︾ ᠶᠢᠨ ᠨᠡᠷᠡᠳᠤ ᠳᠡᠮᠳᠡᠭ ᠤᠨ ᠳᠠᠶᠠᠭᠠᠷᠴᠢᠯᠠᠯ ᠳᠤ ᠴᠢᠬᠤᠯᠠ ᠳᠠᠪᠴᠠᠩ ᠢ ᠡᠬᠦᠳᠦᠭᠰᠡᠨ ᠦᠢᠯᠡ ᠠᠵᠢᠯᠯᠠᠭ᠎ᠠ ᠪᠤᠯᠬᠤ ᠶᠤᠮ᠃        
 
ᠢᠷᠡᠯᠲᠡ᠄   ᠬᠡᠰᠢᠭᠮᠦ᠋ᠷᠡᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号