ᠤᠯᠠᠮᠵᠢᠯᠠᠯᠳᠦ ᠲᠤᠭᠯᠠᠭᠠᠮ ᠮᠤᠩᠭᠤᠯ ᠰᠢᠳᠠᠷ᠎ᠠ ᠶᠢᠨ ᠤᠷᠤᠯᠳᠤᠭᠠᠨ ᠢ ᠢᠳᠡᠪᠬᠢᠳᠡᠢ ᠵᠤᠬᠢᠶᠠᠨ ᠪᠠᠶᠢᠭᠤᠯᠵᠦ᠂ ᠰᠢᠳᠠᠷᠴᠢᠨ ᠤᠯᠠᠨ ᠤᠬᠠᠭᠠᠨ ᠰᠠᠮᠪᠠᠭ᠎ᠠ ᠪᠠᠨ ᠰᠤᠷᠢᠯᠴᠠᠪᠠ
ᠨᠡᠶᠢᠲᠡᠯᠡᠭᠰᠡᠨ ᠴᠠᠭ᠄
2016/8/10
     ᠰᠦᠨᠢᠳ ᠵᠡᠬᠦᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ   ᠤᠨ  ᠨᠢᠬᠡᠨ ᠴᠢᠬᠤᠯᠠ ᠠᠭᠤᠯᠭ᠎ᠠ ᠪᠤᠯᠬᠤ  ᠪᠦᠬᠦ ᠠᠶᠢᠮᠠᠭ ᠤᠨ ᠬᠡᠪᠴᠢᠶᠡᠨ ᠤ ᠮᠤᠩᠭᠤᠯ ᠰᠢᠳᠠᠷ᠎ᠠ ᠶᠢᠨ ᠤᠷᠤᠯᠳᠤᠭᠠᠨ 7 ᠰᠠᠷ᠎ᠠ  ᠶᠢᠨ16 ᠤ  ᠡᠳᠦᠷ ᠰᠦᠨᠢᠳ ᠮᠦᠽᠸᠢ   ᠳᠤ ᠬᠦᠷ ᠬᠦᠭᠵᠢᠶᠡᠨ ᠲᠠᠢ ᠶᠠᠪᠤᠭᠳᠠᠯ᠎ᠠ᠃ ᠰᠢᠳᠠᠷ᠎ᠠ ᠶᠢᠨ ᠤᠷᠤᠯᠳᠤᠭᠠᠨ  ᠳᠤ ᠮᠠᠨ ᠤ ᠠᠶᠢᠮᠠᠭ ᠤᠨ ᠡᠯ᠎ᠡ ᠬᠤᠰᠢᠭᠤ  ᠰᠢᠶᠠᠨ ᠪᠤᠯᠤᠨ ᠬᠦᠯᠦᠨ ᠪᠤᠶᠢᠷ ᠬᠤᠳᠠ ᠠᠶᠢᠮᠠᠭ ᠠᠴᠠ ᠬᠦᠷᠦᠯᠴᠡᠨ ᠢᠷᠡᠭᠰᠠᠨ 128 ᠰᠢᠳᠠᠷᠴᠢᠨ ᠤᠷᠤᠯᠴᠠᠵᠦ᠂  ᠤᠬᠠᠭᠠᠨ ᠰᠠᠮᠪᠠᠭ᠎ᠠ ᠪᠠᠨ ᠰᠤᠷᠢᠯ᠎ᠠ᠃      ᠰᠢᠳᠠᠷ᠎ᠠ ᠪᠤᠯ ᠮᠤᠩᠭᠤᠯ ᠦᠨᠳᠦᠰᠦᠳᠡᠨ ᠤ ᠤᠯᠠᠮᠵᠢᠯᠠᠯᠳᠦ ᠲᠤᠭᠯᠠᠭᠠᠮ ᠤᠨ ᠨᠢᠬᠡ ᠪᠠᠶᠢᠵᠦ ᠬᠦᠮᠦᠨ ᠤ ᠤᠬᠠᠭᠠᠨ ᠰᠠᠨᠠᠭ᠎ᠠ ᠶᠢ ᠬᠤᠷᠴᠠ ᠰᠡᠷᠬᠡᠭ᠂ ᠯᠠᠪᠳᠠᠭᠤᠨ ᠲᠤᠭᠳᠠᠭᠤᠨ ᠵᠠᠩ ᠠᠷᠠᠨᠰᠢᠨ ᠲᠠᠢ ᠪᠤᠯᠭᠠᠨ ᠬᠦᠮᠦᠵᠢᠬᠦᠯᠬᠦ ᠤᠷ᠎ᠠ ᠤᠬᠠᠭᠠᠨ᠂ ᠠᠪᠢᠶᠠᠰ  ᠪᠢᠯᠢᠭ ᠢ ᠰᠤᠷᠢᠭᠰᠠᠨ ᠨᠠᠭᠠᠳᠤᠮ ᠤᠨ ᠲᠦᠷᠦᠯ ᠪᠤᠯᠤᠨ᠎ᠠ  ᠃       ᠬᠤᠶᠠᠷ ᠡᠳᠦᠷ ᠤᠨ ᠬᠤᠷᠴᠨ ᠰᠢᠷᠤᠬᠦᠨ ᠲᠡᠮᠡᠴᠡᠭᠡᠨ ᠢᠶᠠᠷ ᠰᠦᠨᠢᠳ ᠵᠡᠬᠦᠨ ᠬᠤᠰᠢᠭᠤᠨ ᠤ ᠴᠠᠭᠠᠨᠪᠠᠭᠠᠳᠤᠷ ᠲᠡᠷᠢᠬᠦᠯᠡᠵᠦ᠂ ᠵᠡᠬᠦᠨ‌ᠦᠵᠦᠮᠦᠴᠢᠨ ᠬᠤᠰᠢᠭᠤᠨ ᠤ ᠲᠠᠪᠰᠢᠯᠳᠦ ᠲᠡᠳ᠋ᠯᠡᠵᠦ᠂ ᠰᠦᠨᠢᠳ ᠵᠡᠬᠦᠨ ᠬᠤᠰᠢᠭᠤᠨ ᠤ ᠬᠤᠪᠢᠰᠬᠠᠯᠳᠦ ᠭᠤᠷᠪᠠᠳᠤᠭᠠᠷ ᠤᠷᠤᠵᠦ᠂ ᠰᠦᠨᠢᠳ ᠵᠡᠬᠦᠨ ᠬᠤᠰᠢᠭᠤᠨ ᠤ ᠲᠦᠷᠬᠡᠨ ᠲᠦᠷᠪᠡᠳᠦᠬᠡᠷ ᠲᠤ ᠤᠷᠤᠵᠦ᠂ 64 ᠨᠡᠷ᠎ᠡ ᠰᠢᠳᠠᠷᠴᠢᠨ ᠢ ᠱᠠᠩᠨᠠᠨ ᠵᠤᠷᠢᠭᠵᠢᠭᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号