ᠨᠠᠰᠤᠳᠠᠳ ᠢᠶᠠᠨ ᠬᠦᠨᠳᠦᠯᠡᠵᠦ᠂ ᠨᠢᠯᠬᠠᠰ ᠢᠶᠠᠨ ᠬᠠᠶᠢᠷᠠᠯᠠᠬᠤ ᠰᠢᠯᠢᠳᠡᠭ ᠰᠤᠷᠳᠠᠯ ᠢ ᠤᠯᠠᠮᠵᠢᠯᠠᠨ ᠲᠡᠯᠬᠡᠷᠡᠬᠦᠯᠵᠦ᠂ ᠪᠤᠶᠠᠨᠳᠦ ᠪᠤᠭᠤᠷᠤᠯᠴᠤᠳ ᠢᠶᠠᠨ ᠪᠠᠶᠠᠰᠬᠠᠪᠠ
ᠨᠡᠶᠢᠲᠡᠯᠡᠭᠰᠡᠨ ᠴᠠᠭ᠄
2016/8/10
     ᠵᠢᠷᠭᠠᠬᠤ ᠨᠠᠷᠠᠨ ᠤ ᠰᠠᠷᠠᠭᠤᠯ ᠲᠤᠶᠠᠭ᠎ᠠ ᠲᠠᠶᠠᠩ ᠲᠡᠯᠡᠬᠡᠢ ᠶᠢ ᠢᠪᠡᠬᠡᠭᠰᠡᠨ ᠨᠠᠶᠢᠷᠰᠠᠭ ᠵᠤᠨ ᠤ ᠦᠳᠡᠰᠢ ᠰᠦᠨᠢᠳ ᠨᠤᠳᠤᠭ ᠤᠨ ᠪᠤᠶᠠᠨᠳᠦ ᠪᠤᠭᠤᠷᠤᠯᠴᠤᠳ ᠢᠨᠢᠶᠡᠳᠦ  ᠪᠠᠶᠠᠰᠤᠯ᠂ ᠪᠠᠶᠠᠷ ᠪᠠᠭ᠋ᠠᠳᠤᠯ᠂ ᠪᠠᠶᠠᠷ ᠲᠤᠭᠳᠤᠯᠤᠯ  ᠤᠨ ᠲᠤᠮᠳᠠ ᠵᠢᠷᠭᠠᠵᠦ ᠪᠠᠶᠢᠨ᠎ᠠ᠃  ᠰᠦᠨᠢᠳ ᠵᠡᠬᠦᠨ ᠬᠤᠰᠢᠭᠤᠨ ᠤ 2016 ᠤᠨ ᠤ ᠦᠨᠳᠦᠷ ᠨᠠᠰᠤᠳᠠᠳ ᠤᠨ ᠨᠠᠰᠤᠨ ᠪᠠᠶᠠᠷ ᠢ ᠪᠡᠯᠬᠡᠯᠡᠬᠦ ᠬᠠᠮᠳᠦ ᠶᠢᠨ ᠨᠠᠶᠢᠷ 7ᠰᠠᠷ᠎ᠠ ᠶᠢᠨ 16 ᠤ ᠦᠳᠡᠰᠢ ᠶᠢᠨ 18 ᠴᠠᠭ ᠲᠤ ︽ ᠬᠢᠯᠦᠬᠡᠨ ᠮᠤᠩᠭᠤᠯ ᠬᠠᠭᠠᠨ ᠤ ᠣᠷᠳᠣᠨ︾ ᠳᠤ ᠤᠳᠬ᠎ᠠ ᠲᠡᠬᠦᠰ ᠶᠠᠪᠤᠭᠳᠠᠯ᠎ᠠ᠃
     ᠰᠦᠨᠢᠳ ᠵᠡᠬᠦᠨ ᠬᠤᠰᠢᠭᠤ  ᠂ ᠠᠷᠪᠠᠳᠤᠭᠠᠷ ᠬᠤᠭᠤᠴᠠᠭᠠᠨ ᠤ ᠠᠷᠠᠳ ᠤᠨ ᠨᠠᠭᠠᠳᠤᠮ ᠤᠨ ᠢᠶᠠᠨ ᠨᠠᠯᠠᠭᠠᠷ ᠬᠤᠶᠢᠮᠤᠷ ᠲᠤ ᠨᠠᠰᠤᠳᠠᠳ ᠪᠤᠭᠤᠷᠤᠯᠴᠳᠳ ᠢᠶᠠᠨ ᠬᠦᠨᠳᠦᠳᠬᠡᠨ ᠵᠠᠯᠠᠵᠦ᠂  ᠨᠠᠰᠤᠨ ᠲᠤᠷᠰᠢ ᠶᠢᠨ ᠤᠬᠠᠭᠠᠨ ᠲᠠᠮᠢᠷ  ᠢᠶᠠᠨ ᠰᠦᠨᠢᠳ ᠨᠤᠳᠤᠭ ᠤᠨ ᠪᠦᠳᠦᠬᠡᠨ ᠪᠠᠶᠢᠭᠤᠯᠤᠯᠳᠠ   ᠳᠤ ᠵᠤᠷᠢᠭᠤᠯᠵᠦ᠂ ᠬᠦᠭᠵᠢᠯᠳᠡ ᠲᠠᠪᠰᠢᠯᠳᠠ ᠶᠢᠨ ᠢᠷᠠᠭᠤ ᠲᠠᠭᠤᠤ ᠶᠢ ᠪᠢᠴᠢᠭᠯᠡᠵᠦ ᠶᠠᠪᠤᠭᠰᠠᠨ ᠠᠴᠢ ᠭᠠᠪᠢᠶ᠎ᠠ ᠶᠢ ᠨᠢ ᠲᠡᠬᠡᠳᠦᠯᠡᠨ᠂ ᠦᠨᠡᠯᠡᠵᠦ᠂ ᠬᠦᠨᠳᠦᠳᠬᠡᠯ ᠪᠢᠰᠢᠷᠡᠯ ᠲᠡᠪᠰᠢᠬᠦᠯᠦᠭᠰᠡᠨ ᠪᠠᠶᠢᠨ᠎ᠠ  ᠃      ᠰᠦᠨᠢᠳ ᠵᠡᠬᠦᠨ ᠬᠤᠰᠢᠭᠤᠨ ᠤ ᠨᠠᠮ ᠤᠨ ᠵᠠᠰᠠᠭ ᠤᠨ ᠬᠢᠨ ᠠᠬᠠᠮᠠᠳ ᠦᠶ᠎ᠡ ᠶᠢᠨ ᠢᠶᠠᠨ  ᠬᠠᠳᠠᠭᠤᠯᠵᠢᠳᠡᠢ ᠲᠡᠮᠡᠴᠡᠵᠦ᠂ ᠵᠤᠷᠢᠭᠳᠠᠢ ᠲᠠᠪᠰᠢᠬᠤ ᠵᠤᠷᠢᠭ ᠰᠠᠨᠠᠭ᠎ᠠ ᠶᠢ ᠨᠢ ᠦᠷᠬᠦᠯᠵᠢᠯᠡᠨ ᠪᠠᠳᠠᠷᠠᠭᠤᠯᠵᠦ᠂ ᠨᠠᠰᠤᠳᠠᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠰᠢᠯᠢᠳᠡᠭ ᠰᠤᠷᠳᠠᠯ ᠢ ᠤᠯᠠᠮᠵᠢᠯᠠᠨ ᠲᠡᠯᠬᠡᠷᠡᠬᠦᠯᠵᠦ᠂ ᠬᠦᠭᠵᠢᠯᠳᠡ ᠶᠢᠨ ᠦᠷ᠎ᠡ ᠠᠰᠢᠭ ᠢ ᠠᠷᠠᠳ ᠲᠦᠮᠡᠨ ᠳᠡᠭᠡᠨ ᠡᠳᠡᠯᠡᠬᠦᠯᠬᠦ ᠪᠠᠷ ᠵᠢᠯ ᠤᠷᠤᠬᠤ ᠨᠠᠰᠤᠳᠠᠶᠢᠴᠤᠳ ᠲᠠᠭᠠᠨ ᠰᠦᠢᠳᠬᠡᠯ ᠬᠤᠷᠢᠶᠠᠬᠤ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠬᠦ᠂ ᠵᠤᠭ᠎ᠠ ᠴᠡᠩᠭᠡᠯ ᠤᠨ ᠠᠵᠢᠯᠯᠠᠭ᠎ᠠ᠂ ᠨᠠᠰᠤᠳᠠᠶᠢᠴᠤᠳ ᠤᠨ ᠨᠠᠰᠤᠨ ᠪᠠᠶᠠᠷ ᠢ ᠪᠡᠯᠬᠡᠯᠡᠬᠦ ᠤᠳᠬ᠎ᠠ ᠤᠷᠠᠯᠢᠭ ᠤᠨ ᠲᠤᠭᠯᠠᠯᠳᠠ ᠵᠡᠷᠬᠡ ᠪᠠᠶᠠᠯᠢᠭ ᠠᠭᠤᠯᠭ᠎ᠠ  ᠲᠠᠢ ᠠᠵᠢᠯᠯᠠᠭ᠎ᠠ ᠨᠤᠭᠤᠳ ᠢ ᠡᠷᠬᠢᠯᠡᠨ ᠶᠠᠪᠤᠭᠳᠠᠭᠤᠯᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号