ᠦᠨᠳᠦᠰᠦᠳᠡᠨ ᠤ  ᠮᠤᠩᠭᠤᠯ ᠬᠡᠥᠬᠡᠥᠨ ᠤᠨ ᠴᠡᠴᠡᠷᠯᠢᠭ ᠤᠨ ᠳᠣᠪᠴᠢ ᠳᠠᠨᠢᠯᠴᠠᠭᠤᠯᠭ᠎ᠠ
ᠨᠡᠶᠢᠲᠡᠯᠡᠭᠰᠡᠨ ᠴᠠᠭ᠄
2017/3/2
            ᠰᠦᠨᠢᠥᠨ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ             ᠬᠡᠥᠬᠡᠥᠨ ᠤᠨ ᠴᠡᠴᠡᠷᠯᠢᠭ ᠤᠨ ᠳᠣᠪᠴᠢ ᠳᠠᠨᠢᠯᠴᠠᠭᠤᠯᠭ᠎ᠠ             ᠰᠦᠨᠢᠳ ᠵᠡᠬᠦᠨ ᠬᠤᠰᠢᠭᠤᠨ ᠤ  ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠨᠢ 2014 ᠣᠨ ᠤ 12 ᠰᠠᠷ᠎ᠠ  ᠶᠢᠨ4᠎ ᠤ ᠡᠳᠦᠷ ᠪᠠᠶᠢᠭᠤᠯᠤᠭᠳᠠᠵᠤ᠂ ᠶᠡᠷᠦᠩᠬᠡᠢ ᠪᠡᠯᠡ ᠣᠷᠣᠭᠤᠯᠣᠯᠳᠠ ᠨᠢ1800 ᠳᠦᠮᠡᠨ ᠳᠦᠬᠦᠷᠢᠭ ᠪᠠᠶᠢᠵᠦ᠂ ᠮᠠᠨᠳᠠᠯᠳᠦ ᠪᠠᠯᠭᠠᠰᠤᠨ ᠤ ᠳᠠᠯᠠᠢ ᠵᠠᠮ ᠳᠤ ᠪᠠᠶᠢᠷᠢᠯᠠᠵᠤ᠂ ᠴᠡᠴᠡᠷᠯᠢᠭ ᠤᠨ ᠡᠵᠡᠯᠡᠬᠦ ᠲᠠᠯᠠᠪᠠᠢ10000 ᠺᠦᠸᠠᠳ᠋ ᠮᠧᠲᠷ ᠪᠠᠶᠢᠵᠤ᠂ ᠪᠠᠷᠢᠯᠭ᠎ᠠ ᠶᠢᠨ ᠡᠵᠡᠯᠡᠬᠦ ᠲᠠᠯᠠᠪᠠᠢ ᠨᠢ 7600 ᠺᠦᠸᠠᠳ᠋ ᠮᠧᠲᠷ᠃ ᠤᠳᠤᠬᠠᠨ ᠳᠤ ᠮᠠᠨ ᠤ ᠴᠡᠴᠡᠷᠯᠢᠭ ᠨᠢ 12ᠮᠤᠩᠭᠤᠯ ᠠᠩᠬᠢ ᠲᠠᠢ᠃ ᠴᠡᠴᠡᠷᠯᠢᠭ ᠲᠤ ᠨᠡᠶᠢᠳᠡ 377 ᠰᠤᠷᠤᠭᠴᠢ ᠎ ᠲᠠᠢ ᠪᠠᠶᠢᠵᠤ᠂ ᠪᠠᠭᠰᠢ ᠠᠵᠢᠯᠳᠡᠨ 66 ᠨᠡᠷ᠎ᠡ᠂ ᠡᠬᠦᠨ ᠳᠤ ᠪᠠᠭᠰᠢ 45 ᠨᠡᠷ᠎ᠠ᠂ ᠪᠣᠰᠣᠥᠨ ᠠᠵᠢᠯᠳᠠᠨ 21 ᠨᠡᠷ᠎ᠡ ᠪᠣᠯᠣᠨ᠎ᠠ᠃  ᠬᠠᠷᠢᠶᠠᠳᠦ ᠴᠡᠴᠡᠷᠯᠢᠭ《 ᠪᠠᠶᠠᠡᠨᠠᠭᠤᠷ ᠪᠠᠯᠭᠠᠰᠤᠨ ᠤ ᠬᠡᠦᠭᠡᠳ ᠤᠨ ᠴᠡᠴᠡᠷᠯᠢᠭ》᠎ ᠢ ᠪᠠᠶᠢᠭᠤᠯᠵᠤ᠂ ᠬᠠᠷᠢᠶᠠᠳᠦ ᠴᠡᠴᠡᠷᠯᠢᠭ ᠨᠢ ᠰᠦᠨᠢᠳ ᠵᠡᠬᠦᠨ ᠬᠤᠰᠢᠭᠤᠨ ᠤ ᠪᠠᠶᠠᠡᠨᠠᠭᠤᠷ ᠪᠠᠯᠭᠠᠰᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠲᠤ  ᠪᠠᠶᠢᠷᠢᠯᠠᠵᠦ᠂ ᠴᠡᠴᠡᠷᠯᠢᠭ ᠤᠨ ᠡᠵᠡᠯᠡᠬᠦ ᠲᠠᠯᠠᠪᠠᠢ 3000 ᠺᠦᠸᠠᠳ᠋ ᠮᠧᠲᠷ ᠪᠠᠶᠢᠵᠤ᠂ ᠪᠠᠷᠢᠯᠭ᠎ᠠ ᠶᠢᠨ ᠡᠵᠡᠯᠡᠬᠦ ᠲᠠᠯᠠᠪᠠᠢ ᠨᠢ 550 ᠺᠦᠸᠠᠳ᠋ ᠮᠧᠲᠷ᠃ ᠤᠳᠤᠬᠠᠨ ᠳᠤ ᠨᠡᠶᠢᠳᠡ 7 ᠰᠤᠷᠤᠭᠴᠢ ᠲᠠᠢ᠂ ᠨᠢᠭᠡ ᠮᠤᠩᠭᠤᠯ ᠠᠩᠬᠢ ᠲᠠᠢ᠃ ᠨᠡᠶᠢᠳᠡ 5 ᠨᠡᠷ᠎ᠡ ᠪᠠᠭᠰᠢ ᠠᠵᠢᠯᠳᠠᠨ ᠲᠠᠢ᠂ ᠡᠬᠦᠨ ᠳᠤ ᠠᠷᠭ᠎ᠠ ᠵᠤᠶᠢᠴᠢ 1 ᠨᠡᠷ᠎ᠡ ᠂ ᠠᠷᠤ ᠳᠠᠯ᠎ᠠ ᠶᠢᠨ ᠠᠵᠢᠯᠳᠠᠨ 1 ᠨᠡᠷ᠎ᠡ᠂ ᠪᠠᠭᠰᠢ 3 ᠨᠡᠷ᠎ᠡ᠃       ᠮᠠᠨ ᠤ ᠴᠡᠴᠡᠷᠯᠢᠭ ᠨᠢ 《 ᠬᠦᠮᠦᠨ ᠪᠣᠯᠬᠤ ᠪᠠᠭ᠎ᠠ ᠠᠴᠠ ᠪᠠᠨ᠂ ᠬᠦᠯᠦᠭ ᠪᠣᠯᠬᠤ ᠣᠨᠠᠭ᠎ᠠ ᠠᠴᠠ ᠎ ᠪᠠᠨ》ᠬᠡᠬᠦ ᠳᠡᠷᠬᠠᠨ ᠵᠤᠷᠢᠯᠳᠠ ᠪᠠᠷ᠂᠂ ᠠᠵᠢᠯ ᠤᠨ ᠬᠤᠪᠢᠶᠠᠷᠢ ᠲᠤᠳᠤᠷᠬᠠᠢ᠂ᠪᠠᠳᠦ ᠪᠦᠯᠬᠦᠮᠳᠡᠯ ᠲᠠᠢ᠂ ᠦᠢᠯᠡᠴᠢᠯᠡᠬᠦ ᠬᠡᠯᠪᠡᠷᠢ ᠶᠢᠨ ᠤᠳᠤᠷᠢᠳᠬᠤ ᠪᠠᠭ ᠢ ᠪᠦᠳᠦᠬᠡᠨ ᠪᠠᠶᠢᠭᠤᠯᠵᠤ᠂ ᠠᠵᠢᠯ ᠤᠨ ᠲᠤᠮᠳᠠ ᠪᠠᠨ ᠨᠠᠷᠢᠯᠢᠭ ᠬᠠᠮᠢᠶᠠᠷᠤᠯᠳᠠ ᠪᠤᠯᠤᠨ ᠬᠦᠮᠦᠡᠯᠢᠭ ᠬᠠᠮᠢᠶᠠᠷᠤᠯᠳᠠ ᠶᠢ ᠤᠶᠠᠯᠳᠤᠭᠤᠯᠤᠨ᠂ ︽ᠬᠠᠷᠢᠯᠴᠠᠨ ᠬᠦᠨᠳᠦᠳᠬᠡᠨ᠂ ᠬᠠᠷᠠᠮ ᠦᠬᠡᠢ ᠵᠤᠷᠢᠭᠤᠯᠤᠨ᠂ ᠰᠢᠨ᠎ᠠ ᠶᠢ ᠡᠬᠦᠳᠦᠨ᠂ ᠪᠠᠶᠠᠰᠤᠩᠭᠤᠢ ᠠᠵᠢᠯᠯᠠᠳᠠᠭ︾ ᠵᠤᠷᠢᠭ ᠰᠠᠨᠠᠭ᠎ᠠ ᠲᠠᠢ ᠪᠠᠭᠰᠢ ᠠᠵᠢᠯᠳᠠᠨ ᠤ ᠡᠩᠨᠡᠭᠡ ᠶᠢ ᠴᠤᠭᠴᠠᠯᠠᠨ ᠪᠠᠶᠢᠭᠤᠯᠤᠭᠰᠠᠨ ᠶᠤᠮ᠃ ᠮᠦᠨᠴᠦ ᠤᠷᠤᠨ ᠨᠤᠳᠤᠭ ᠤᠨ ᠦᠨᠳᠦᠰᠦᠳᠡᠨ ᠤ ᠰᠤᠶᠤᠯ ᠤᠨ ᠲᠠᠪᠠᠭᠤᠯᠢᠭ ᠢ ᠠᠰᠢᠭᠯᠠᠵᠤ᠂ ᠰᠢᠯᠢᠳᠡᠭ ᠦᠨᠳᠦᠰᠦᠳᠡᠨ ᠤ ᠤᠯᠠᠮᠵᠢᠯᠠᠯᠳᠦ ᠰᠤᠶᠤᠯ ᠢ ᠵᠢᠭᠠᠨ ᠰᠤᠷᠭᠠᠯᠳᠠ ᠳᠤ ᠪᠠᠨ ᠠᠭᠤᠰᠬᠠᠨ᠂ ᠢᠯᠡ ᠲᠤᠳᠦ ᠦᠨᠳᠦᠰᠦᠳᠠᠨ ᠤ ᠰᠤᠶᠤᠯ ᠢ ᠠᠭᠤᠯᠤᠭᠰᠠᠨ ᠴᠡᠴᠡᠷᠯᠢᠭ ᠤᠨ ᠤᠨᠴᠠᠯᠢᠭ ᠢ ᠲᠤᠳᠤᠷᠠᠭᠤᠯᠤᠨ᠂ ᠬᠠᠮᠢᠶᠠᠷᠤᠯᠳᠠ ᠪᠠᠨ ᠨᠠᠷᠢᠯᠢᠭᠵᠢᠭᠤᠯᠤᠨ ᠴᠢᠩᠭᠠᠳᠬᠠᠵᠤ᠂ ᠪᠦᠯᠬᠦᠮᠳᠡᠨ ᠲᠡᠮᠡᠴᠡᠬᠦ ᠵᠤᠷᠢᠭ ᠰᠠᠨᠠᠭ᠎ᠠ‌‍ᠲ᠋ᠡᠢ᠂ ᠦᠪᠡᠷᠮᠢᠴᠡ ᠤᠨᠴᠠᠯᠢᠭ ᠲᠠᠢ᠂ ᠬᠠᠮᠢᠶᠠᠷᠤᠯᠳᠠ ᠡᠷᠴᠢᠮᠲᠠᠢ᠂ ᠰᠤᠲᠦᠨ ᠴᠡᠴᠡᠷᠯᠢᠭ ᠢ ᠪᠠᠶᠢᠭᠤᠯᠬᠤ ᠪᠠᠷ ᠴᠢᠷᠮᠠᠶᠢᠨ ᠲᠡᠮᠡᠴᠡᠵᠤ ᠪᠠᠶᠢᠨ᠎ᠠ᠃
 
ᠢᠷᠡᠯᠲᠡ᠄ ᠦᠨᠳᠦᠰᠦᠳᠡᠨ ᠤᠨ ᠮᠤᠩᠭᠤᠯ ᠬᠡᠤᠬᠡᠳ ᠤᠨ ᠴᠡᠴᠡᠷᠯᠢᠭ ᠠᠴᠠ ᠬᠠᠩᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号