ᠰᠥᠨᠢᠳ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2017/5/17
              ᠰᠥᠨᠢᠳ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ               ᠪᠠᠭ᠎ᠠ ᠰᠤᠷᠭᠠᠭᠤᠯᠢ ᠶᠢᠨ ᠲᠤᠪᠴᠢ ᠲᠠᠨᠢᠯᠴᠠᠭᠤᠯᠭ᠎ᠠ            ᠰᠥᠨᠢᠳ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ  ᠪᠠᠭ᠎ᠠ‌‍ᠰᠤᠷᠭᠠᠭᠤᠯᠢ  ᠎ ᠨᠢ  2006 ᠤᠨ ᠎ ᠤ 11 ᠰᠠᠷ᠎ᠠ ᠳᠤ  ᠰᠤᠮᠤᠨ ᠤ ᠰᠤᠷᠭᠠᠭᠤᠯᠢ  ᠎ ᠨᠤᠭᠤᠳ ᠢ ᠴᠤᠮᠬᠤᠳᠬᠠᠵᠤ ᠬᠤᠰᠢᠭᠤᠨ ᠲᠦᠪ ᠮᠠᠨᠳᠠᠯᠲᠤ ᠪᠠᠯᠭᠠᠰᠤᠨ ᠳᠤ ᠪᠠᠶᠢᠭᠤᠯᠤᠭᠰᠠᠨ ᠪᠠᠶᠢᠷᠢ ᠳᠤ ᠰᠠᠭᠤᠬᠤ ᠨᠦᠬᠦᠴᠡᠯ ᠲᠠᠢ ᠴᠤᠯᠤ ᠮᠤᠩᠭᠤᠯ ᠢᠶᠠᠷ  ᠬᠢᠴᠢᠶᠡᠯᠯᠡᠵᠦ ᠪᠠᠶᠢᠭ᠎ᠠ ᠴᠤᠷ ᠤᠨ ᠭᠠᠭᠴᠠ ᠪᠠᠭ᠎ᠠ ᠰᠤᠷᠭᠠᠭᠤᠯᠢ ᠶᠤᠮ᠃ ᠰᠤᠷᠭᠠᠭᠤᠯᠢ  ᠶᠢᠨ ᠬᠦᠷᠢᠶᠡᠨ ᠤ ᠪᠦᠬᠦ ᠲᠠᠯᠠᠪᠠᠢ ᠨᠢ 67600 ᠲᠡᠭᠰᠢ ᠳᠦᠷᠪᠡᠯᠵᠢᠨ ᠮᠧᠲᠷ᠂ ᠭᠡᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 16897ᠲᠡᠭᠰᠢ ᠳᠦᠷᠪᠡᠯᠵᠢᠨ ᠮᠧᠲᠷ ᠪᠠᠶᠢᠵᠤ᠂ ᠪᠠᠷᠢᠮᠵᠢᠶᠠᠵᠢᠭᠰᠡᠠ ᠪᠡᠶ᠎ᠡ ᠲᠠᠮᠢᠷ ᠤᠨ ᠲᠠᠯᠠᠪᠠᠢ ᠲᠠᠢ᠂ ᠵᠢᠭᠠᠨ ᠰᠤᠷᠭᠠᠬᠤ ᠠᠰᠠᠷ᠂ ᠶᠡᠷᠦᠩᠬᠡᠶᠢᠯᠡᠭᠰᠡᠨ ᠠᠰᠠᠷ᠂ ᠲᠠᠮᠢᠷ ᠤᠨ ᠤᠷᠳᠤᠨ᠂ ᠪᠠᠶᠢᠷᠢ ᠶᠢᠨ ᠠᠰᠠᠷ᠂ ᠬᠤᠭᠤᠯᠠᠨ ᠲᠠᠩᠬᠢᠮ᠂ ᠡᠯ᠎ᠡ ᠵᠦᠢᠯ ᠤᠨ ᠬᠦᠳᠡᠯᠭᠡᠭᠡᠨ ᠤ ᠭᠡᠷ ᠵᠢᠴᠢ ᠵᠢᠭᠠᠨ ᠰᠤᠷᠭᠠᠯᠲᠠ ᠶᠢᠨ ᠬᠠᠮᠢᠶ᠎ᠠ ᠪᠦᠬᠦᠢ ᠪᠠᠭᠠᠵᠢ ᠲᠦᠬᠦᠭᠡᠷᠦᠮᠵᠢ ᠢᠵᠢ ᠪᠦᠷᠢᠳᠦᠭᠰᠡᠨ ᠪᠠᠶᠢᠨ᠎ᠠ᠃       ᠮᠠᠨ ᠤ ᠰᠤᠷᠭᠠᠭᠤᠯᠢ ᠤᠷᠢᠳ ᠬᠤᠵᠢᠳ ᠤᠷᠤᠨ ᠤ ᠳᠡᠰ ᠤᠨ ᠦᠨᠳᠦᠰᠦᠨ ᠱᠠᠳᠤᠨ ᠤ ︽ᠬᠤᠶᠢᠴᠢ ᠦᠶ᠎ᠡ ᠪᠠᠨ ᠬᠠᠯᠠᠮᠵᠢᠯᠠᠬᠤ ᠪᠤᠯᠪᠠᠰᠤᠨ ᠨᠢᠬᠡᠴᠡ︾᠂ ᠠᠶᠢᠮᠠᠭ ᠳᠡᠰ ᠤᠨ  ︽ᠰᠤᠷᠭᠠᠭᠤᠯᠢ ᠶᠢᠨ ᠰᠤᠳᠤᠯᠭᠠᠨ ᠤ ᠬᠢᠴᠢᠶᠡᠯ ᠲᠦᠷᠦᠯ ᠤᠨ ᠵᠢᠱᠢᠶ᠎ᠡ ᠦᠵᠡᠬᠦᠯᠬᠦ ᠰᠤᠷᠭᠠᠭᠤᠯᠢ︾᠂ ᠠᠶᠢᠮᠠᠭ ᠳᠡᠰ ᠤᠨ ︽ ᠰᠢᠨᠵᠢᠯᠡᠭᠡ ᠮᠡᠷᠬᠡᠵᠢᠯ ᠤᠨ ᠵᠢᠱᠢᠶ᠎ᠡ ᠦᠵᠡᠬᠦᠯᠬᠦ ᠰᠤᠷᠭᠠᠭᠤᠯᠢ︾᠂ 2014 ᠤᠨ ᠳᠤ ᠠᠶᠢᠮᠠᠭ ᠳᠡᠰ ᠤᠨ ︽ᠲᠡᠷᠢᠬᠦᠨ ᠤ ᠨᠢᠬᠡᠴᠡ︾᠂ 2015 ᠤᠨ ᠳᠤ ᠠᠶᠢᠮᠠᠭ ᠳᠡᠰ ᠤᠨ ︽ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ︾  ᠵᠡᠷᠬᠡ ᠶᠢᠨ ᠢᠷᠠᠭᠤ ᠠᠯᠳᠠᠷ ᠢ ᠬᠦᠷᠳᠡᠵᠦ᠂ ᠤᠷᠤᠨ ᠠᠶᠢᠮᠠᠭ ᠲᠤ ᠮᠡᠳᠡᠷᠡᠭᠳᠡᠭᠰᠡᠨ᠂ ᠠᠷᠠᠳ ᠲᠦᠮᠡᠨ ᠳᠤ ᠳᠠᠭᠠᠰᠢᠶᠠᠭᠳᠠᠭᠰᠠᠨ ᠰᠠᠶᠢᠨ ᠰᠤᠷᠭᠠᠭᠤᠯᠢ ᠪᠤᠯᠵᠤ ᠴᠢᠳᠠᠭᠰᠠᠨ ᠪᠠᠶᠢᠨ᠎ᠠ᠃       ᠮᠠᠨ ᠤ ᠰᠤᠷᠭᠠᠭᠤᠯᠢ ᠨᠢ ᠤᠳᠤ  29  ᠵᠢᠭᠠᠨ ᠰᠤᠷᠭᠠᠬᠤ ᠠᠩᠭᠢ᠂ 965 ᠨᠡᠷ᠎ᠡ ᠰᠤᠷᠤᠭᠴᠢ ᠲᠠᠢ᠂ ᠪᠠᠭᠰᠢ ᠠᠵᠢᠯᠳᠠᠨ  ᠨᠡᠶᠢᠲᠡ 144 ᠨᠡᠷ᠎ᠡ ᠪᠠᠶᠢᠵᠤ᠂ ᠤᠯᠤᠰ ᠤᠨ ᠲᠠᠰ ᠤᠨ ᠰᠢᠯᠢᠳᠡᠭ ᠪᠠᠭᠰᠢ 1 ᠨᠡᠷ᠎ᠡ᠂ ᠤᠷᠤᠨ ᠤ ᠲᠡᠰ ᠤᠨ ᠰᠢᠯᠢᠳᠡᠭ ᠪᠠᠭᠰᠢ 3 ᠨᠡᠷ᠎ᠡ  ᠂ ᠤᠷᠤᠨ  ᠤ ᠲᠡᠰ ᠤᠨ ᠭᠤᠤᠯᠯᠠᠭᠴᠢ ᠪᠠᠭᠰᠢ 1 ᠨᠡᠷ᠎ᠡ᠂ ᠠᠶᠢᠮᠠᠭ  ᠤᠨ ᠲᠡᠰ  ᠤᠨ ᠰᠢᠯᠢᠳᠡᠭ ᠪᠠᠭᠰᠢ 3 ᠨᠡᠷ᠎ᠡ  ᠂ ᠠᠶᠢᠮᠠᠭ ᠤᠨ ᠲᠡᠰ ᠤᠨ ᠬᠢᠴᠢᠶᠡᠯ ᠲᠦᠷᠦᠯ ᠤᠨ ᠳᠠᠭᠠᠭᠤᠯᠤᠭᠴᠢ 2 ᠨᠡᠷ᠎ᠡ᠂ ᠠᠶᠢᠮᠠᠭ ᠤᠨ ᠲᠡᠰ ᠤᠨ ᠭᠤᠤᠯᠯᠠᠭᠴᠢ ᠪᠠᠭᠰᠢ 7 ᠨᠡᠷ᠎ᠡ᠂ ᠠᠶᠢᠮᠠᠭ ᠤᠨ ᠲᠠᠰ ᠤᠨ ᠰᠢᠯᠢᠳᠡᠭ ᠵᠢᠭᠠᠨ ᠰᠤᠷᠭᠠᠬᠤ ᠴᠢᠳᠠᠪᠤᠷᠢᠳᠠᠨ 7 ᠨᠠᠷ᠎ᠠ᠂ ᠲᠤᠮᠳᠠᠳᠤ ᠰᠤᠷᠭᠠᠭᠤᠯᠢ ᠶᠢᠨ ᠦᠨᠳᠤᠷ ᠲᠠᠰ ᠤᠨ ᠪᠠᠭᠰᠢ 19 ᠨᠡᠷ᠎ᠡ᠂ ᠪᠠᠭ᠎ᠠ ᠰᠤᠷᠭᠠᠭᠤᠯᠢ ᠶᠢᠨ ᠦᠨᠳᠤᠷ ᠲᠠᠰ ᠤᠨ ᠪᠠᠭᠰᠢ 105 ᠨᠡᠷ᠎ᠡ᠂ ᠪᠠᠭ᠎ᠠ ᠰᠤᠷᠭᠠᠭᠤᠯᠢ ᠶᠢᠨ ᠨᠢᠭᠡᠳᠤᠭᠡᠷ ᠲᠠᠰ ᠤᠨ ᠪᠠᠭᠰᠢ 12 ᠨᠡᠷ᠎ᠡ ᠪᠠᠶᠢᠵᠤ᠂ ᠪᠠᠭᠰᠢ  ᠶᠢᠨ ᠰᠤᠷᠤᠯᠭ᠎ᠠ ᠶᠢᠨ ᠨᠠᠮᠳᠠᠷ ᠤᠨ ᠬᠢᠷᠢ ᠲᠡᠩᠴᠡᠯᠳᠡ ᠎ ᠶᠢᠨ ᠨᠤᠷᠮ᠎ᠠ 100%᠂ ᠪᠠᠭᠰᠢ  ᠶᠢᠨ ᠰᠢᠨ᠎ᠡ ᠬᠢᠴᠢᠶᠡᠯᠯᠡᠭᠡ  ᠶᠢᠨ ᠪᠤᠯᠪᠠᠰᠤᠷᠠᠯ  ᠳᠤ ᠤᠷᠤᠯᠴᠠᠭᠰᠠᠨ ᠨᠤᠷᠮ᠎ᠠ 100%᠂ ᠠᠩᠭᠢ  ᠶᠢᠨ ᠡᠷᠬᠢᠯᠡᠭᠴᠢ  ᠶᠢᠨ ᠪᠤᠯᠪᠠᠰᠤᠷᠠᠯ  ᠳᠤ ᠤᠷᠤᠯᠴᠠᠭᠰᠠᠨ ᠨᠤᠷᠮ᠎ᠠ 100%᠎ ᠳᠤ ᠬᠦᠷᠦᠭᠰᠡᠨ ᠪᠠᠶᠢᠨ᠎ᠠ  ᠃                 ᠮᠠᠨ ᠤ ᠰᠤᠷᠭᠠᠭᠤᠯᠢ ᠨᠢ《 ᠡᠪ ᠨᠠᠶᠢᠷᠠᠮᠳᠠᠯ᠂ ᠡᠷᠢᠯᠬᠢᠯᠡᠯ ᠤᠷᠤᠭᠰᠢᠯᠠᠯ》᠎ ᠢᠶᠠᠷ  ᠰᠤᠷᠭᠠᠭᠤᠯᠢ ᠡᠷᠬᠢᠯᠡᠬᠦ ᠭᠤᠤᠯ ᠤᠶᠢᠯᠠᠭᠠᠭᠳᠠᠬᠤᠨ ᠢᠶᠠᠨ ᠪᠤᠯᠭᠠᠵᠤ᠂   ︽ᠪᠤᠯᠪᠠᠰᠤᠨ ᠶᠤᠰᠤᠷᠬᠠᠭ᠂ ᠦᠷᠭᠡᠨ ᠮᠡᠳᠡᠯᠭᠡ᠂ ᠴᠤᠪᠤᠭᠤ ᠰᠡᠷᠭᠦᠯᠡᠩ᠂ ᠰᠢᠨᠡᠴᠢᠯᠡᠯᠲᠡ ᠡᠭᠦᠳᠦᠯᠲᠡ》 ᠭᠡᠬᠦ ᠰᠤᠷᠭᠠᠭᠤᠯᠢ ᠶᠢᠨ ᠰᠤᠷᠲᠠᠯ ᠵᠢᠴᠢ《 ᠪᠢᠴᠢᠭ ᠵᠢᠭᠠᠵᠤ ᠬᠦᠮᠦᠨ ᠢ ᠬᠦᠮᠦᠵᠢᠭᠦᠯᠦᠨ᠂ ᠪᠡᠶ᠎ᠡ ᠪᠠᠷ ᠢᠶᠠᠨ ᠬᠡᠪ  ᠳᠦᠷᠢᠮ ᠦᠵᠡᠭᠦᠯᠦᠨ᠎ᠡ》ᠭᠡᠬᠦ ᠵᠢᠭᠠᠬᠤ ᠰᠤᠷᠲᠠᠯ ᠢ ᠪᠠᠷᠢᠮᠲᠠᠯᠠᠨ  ᠂ ᠰᠤᠷᠭᠠᠭᠤᠯᠢ ᠶᠢᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠠᠵᠢᠯ ᠢᠶᠠᠨ ᠨᠠᠷᠢᠯᠢᠭ᠂ ᠦᠷ᠎ᠡ ᠪᠦᠲᠦᠮᠵᠢᠲᠠᠢ ᠪᠤᠯᠭᠠᠬᠤ ᠪᠠᠷ ᠬᠦᠴᠦᠯᠡᠨ ᠴᠢᠷᠮᠠᠶᠢᠵᠤ᠂ ᠰᠤᠷᠭᠠᠭᠤᠯᠢ ᠶᠢᠨ ᠳᠦᠷᠢᠮ ᠲᠤᠭᠲᠠᠭᠠᠯ ᠢ ᠪᠦᠷᠢᠨᠰᠢᠭᠦᠯᠦᠨ᠂ ᠰᠤᠷᠭᠠᠭᠤᠯᠢ ᠶᠢᠨ ᠰᠤᠶᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠢᠭᠠᠨ ᠰᠤᠷᠭᠠᠯᠲᠠ ᠶᠢᠨ ᠶᠠᠰᠤ ᠴᠢᠨᠡᠷ ᠂ ᠦᠷ᠎ᠡ ᠠᠰᠢᠭ ᠢ  ᠳᠡᠭᠡᠭᠰᠢᠯᠡᠭᠦᠯᠬᠦ  ᠶᠢᠨ ᠲᠦᠯᠦᠭᠡ  ᠵᠤᠷᠢᠭᠲᠠᠢ ᠪᠠᠷ ᠦᠭᠡᠷᠴᠢᠯᠡᠯᠲᠡ ᠬᠢᠵᠤ᠂  ᠵᠠᠮ ᠨᠡᠭᠡᠭᠡᠨ  ᠤᠷᠤᠭᠰᠢᠯᠠᠵᠤ ᠪᠠᠶᠢᠨ᠎ᠠ᠃       ᠮᠠᠨ ᠤ ᠰᠤᠷᠭᠠᠭᠤᠯᠢ ᠨᠢ ᠰᠤᠷᠤᠭᠴᠢ ᠶᠢᠨ ᠬᠠᠶᠢᠨ ᠰᠦᠪᠡᠭᠴᠢᠯᠡᠬᠦ᠂ ᠰᠢᠨ᠎ᠡ ᠶᠢ ᠡᠬᠦᠳᠬᠦ  ᠴᠢᠳᠠᠪᠤᠷᠢ ᠶᠢ ᠬᠦᠮᠦᠵᠢᠬᠦᠯᠬᠦ ᠪᠠ ᠦᠨᠳᠦᠰᠦᠳᠡᠨ ᠤ ᠬᠡᠪ ᠴᠢᠨᠠᠷ ᠢ ᠬᠦᠭᠵᠢᠬᠦᠯᠬᠦ ᠶᠢᠨ ᠲᠤᠰᠠᠳᠠ ᠥᠨᠳᠤᠰᠤᠳᠡᠨ  ᠤ  ᠎ ᠪᠠᠨ ᠤᠨᠴᠠᠯᠢᠭ ᠲᠠᠢ ᠤᠶᠠᠯᠳᠤᠭᠤᠯᠤᠭᠰᠠᠨ᠂ ᠰᠦᠨᠢᠳ ᠨᠤᠳᠤᠭ ᠤᠨ ᠦᠢᠯᠡᠳᠪᠦᠷᠢᠯᠡᠯ ᠠᠮᠢᠳᠤᠷᠠᠯ ᠢ ᠲᠤᠰᠬᠠᠭᠰᠠᠨ ︽ᠱᠠᠭ᠎ᠠ ᠲᠤᠭᠯᠠᠭᠠᠮ  ᠤᠨ ᠬᠥᠳᠡᠯᠭᠡᠭᠡᠨ  ᠤ ᠲᠤᠭᠤᠶᠢᠯᠠᠩ︾᠂ ︽ᠮᠤᠩᠭᠤᠯ ᠰᠢᠲᠡᠷ᠎ᠠ  ᠶᠢᠨ ᠬᠥᠳᠡᠯᠭᠡᠭᠡᠨ  ᠤ ᠲᠤᠭᠤᠶᠢᠯᠠᠩ︾  ᠂ ︽ ᠮᠤᠩᠭᠤᠯ ᠤᠷᠠᠨ ᠪᠢᠴᠢᠯᠭᠡ ᠶᠢᠨ ᠬᠥᠳᠡᠯᠭᠡᠭᠡᠨ  ᠤ ᠲᠤᠭᠤᠶᠢᠯᠠᠩ︾  ᠂ 《 ᠵᠢᠷᠤᠭᠡᠨ ᠪᠢᠴᠢᠯᠭᠡ ᠮᠤᠩᠭᠤᠯ ᠵᠠᠩ  ᠦᠢᠯᠠ》᠂ ︽ᠮᠤᠩᠭᠤᠯ ᠪᠥᠬᠡ  ᠶᠢᠨ ᠬᠥᠳᠡᠯᠭᠡᠭᠡᠨ  ᠤ  ᠲᠤᠭᠤᠶᠢᠯᠠᠩ︾᠂ ᠢᠷᠠᠭᠤ ᠡᠭᠡᠰᠢᠭᠯᠡᠩ《 ᠰᠢᠯᠦᠭ ᠤᠨ ᠠᠩᠭᠢ》᠂  ᠢᠯᠭᠤᠮ ᠬᠤᠭᠤᠯᠠᠶᠢᠳᠤ《  ᠭᠦᠳᠦᠯᠦᠭᠴᠢ ᠶᠢᠨ ᠠᠩᠭᠢ》᠂ ︽ ᠰᠦᠨᠢᠳ ᠤᠷᠳᠦ ᠶᠢᠨ ᠳᠠᠭᠤᠤ ᠶᠢᠨ ᠠᠩᠭᠢ︾᠂ ︽ ᠪᠤᠭᠤᠨᠢ ᠳᠠᠭᠤᠤ ᠶᠢᠨ ᠠᠩᠭᠢ︾᠂ ︽ᠥᠨᠳᠤᠰᠤᠳᠡᠨ  ᠤ ᠪᠥᠵᠢᠭ  ᠤᠨ  ᠠᠩᠭᠢ︾  ᠂ ︽ ᠤᠷᠠᠨ ᠵᠢᠷᠤᠭ ᠤᠨ  ᠠᠩᠭᠢ︾᠂  ︽ ᠬᠦᠯ ᠪᠦᠮᠪᠦᠬᠡᠨ ᠤ ᠠᠩᠭᠢ︾  ᠂《 ᠫᠢᠩᠫᠠᠩ ᠪᠦᠮᠪᠦᠭᠡ ᠶᠢᠨ ᠠᠩᠭᠢ》 ᠵᠡᠷᠭᠡ  ᠤᠨᠴᠠ ᠠᠪᠢᠶᠠᠰᠤᠯᠢᠭ ᠠᠩᠭᠢ ᠶᠢᠨ ᠬᠥᠳᠡᠯᠭᠡᠭᠡᠨ  ᠪᠠ 《  ᠲᠡᠪᠡᠭ ᠢᠰᠭᠦᠯᠭᠦ》᠂《 ᠴᠠᠭᠠᠷᠢᠭ ᠡᠷᠭᠢᠭᠦᠯᠭᠦ》᠂《 ᠰᠠᠭᠰᠤᠨ ᠪᠦᠮᠪᠦᠭᠡ》᠂《  ᠰᠤᠨᠢᠷᠬᠠᠯᠳᠤ ᠲᠤᠭ᠎ᠠ 》 ᠵᠡᠷᠭᠡ  ᠠᠷᠪᠠᠭᠠᠳ ᠲᠦᠷᠤᠯ ᠤᠨ ᠭᠢᠴᠢᠶᠡᠯ ᠤᠨ ᠭᠠᠳᠠᠨᠠᠭᠢ ᠭᠦᠳᠡᠯᠭᠡᠭᠡᠨ ᠢ ᠢᠳᠡᠪᠬᠢᠳᠡᠢ ᠦᠷᠨᠢᠭᠦᠯᠵᠤ᠂ ᠥᠨᠳᠦᠰᠤᠳᠡᠨ ᠤ ᠤᠯᠠᠮᠵᠢᠯᠠᠯᠳᠤ ᠰᠤᠶᠤᠯ  ᠤᠨ ᠰᠤᠷᠭᠠᠨ ᠬᠥᠮᠤᠵᠢᠯ  ᠢ ᠡᠳᠤᠷ ᠲᠤᠳᠤᠮ  ᠤᠨ ᠵᠢᠭᠠᠨ ᠰᠤᠷᠭᠠᠯᠳᠠ ᠲᠠᠢ ᠤᠷᠭᠠᠨᠢᠭ ᠎ ᠢᠶᠠᠷ ᠤᠶᠠᠯᠳᠤᠭᠤᠯᠵᠤ᠂ ᠥᠨᠳᠤᠰᠤᠳᠡᠨ  ᠤ ᠤᠨᠴᠠᠯᠢᠭ ᠲᠠᠢ ᠰᠤᠷᠭᠠᠭᠤᠯᠢ  ᠶᠢᠨ ᠬᠦᠷᠢᠶᠡᠨ  ᠤ ᠰᠤᠶᠤᠯ  ᠢ ᠪᠥᠳᠦᠭᠡᠨ ᠪᠠᠶᠢᠭᠤᠯᠵᠤ ᠪᠠᠶᠢᠨ᠎ᠠ᠃       ᠬᠤᠶᠢᠰᠢᠲᠠ ᠮᠠᠨ ᠤ ᠰᠤᠷᠭᠠᠭᠤᠯᠢ  ᠶᠢᠨ ᠪᠦᠬᠦ ᠪᠠᠭᠰᠢ ᠠᠵᠢᠯᠲᠠᠨ ᠨᠢ ᠠᠳᠬᠤᠭᠰᠠᠨ  ᠨᠢᠳᠤᠷᠭᠤ ᠰᠢᠭ  ᠪᠠᠲᠤ ᠪᠦᠯᠬᠦᠮᠳᠡᠨ《 ᠰᠤᠳᠤᠯᠬᠤ ᠳᠤ ᠬᠠᠯᠠᠰᠢᠷᠠᠬᠤ ᠦᠭᠡᠢ᠂ ᠰᠤᠷᠭᠠᠬᠤ ᠳᠤ ᠴᠦᠬᠦᠷᠡᠬᠦ ᠦᠭᠡᠢ》ᠪᠠᠶᠢᠵᠤ᠂《 ᠦᠭᠬᠢᠶᠡᠮᠦᠷ ᠬᠠᠶᠢᠷ᠎ᠠ ᠪᠠᠷ  ᠢᠶᠠᠨ ᠬᠡᠤᠬᠡᠳ  ᠤᠨ ᠤᠶᠤᠨ  ᠢ ᠱᠤᠭᠤᠵᠤ  ᠂ ᠦᠨᠡᠨᠴᠢ ᠰᠢᠳᠤᠷᠭᠤ ᠪᠠᠷ  ᠢᠶᠠᠨ ᠥᠷᠦᠭᠡᠯ  ᠤᠨ ᠰᠡᠳᠬᠢᠯ  ᠢ ᠤᠶᠠᠰᠬᠠᠵᠤ  ᠂ ᠬᠥᠮᠦᠨ ᠮᠥᠰᠦ ᠪᠠᠷ  ᠢᠶᠠᠨ ᠨᠥᠯᠦᠭᠡᠯᠡᠨ ᠬᠥᠮᠦᠵᠢᠭᠦᠯᠵᠤ᠂ ᠥᠷᠭᠡᠨ ᠮᠡᠳᠡᠯᠭᠡ ᠪᠠᠷ  ᠢᠶᠠᠨ ᠥᠢᠯᠡᠴᠢᠯᠡᠨ ᠵᠢᠳᠬᠦᠬᠦ 》 ᠠᠨᠳᠠᠭᠠᠢ ᠲᠠᠩᠭᠠᠷᠢᠭ ᠢᠶᠠᠨ ᠡᠷᠭᠦᠨ᠂  ᠪᠦᠬᠦᠶᠢᠯᠡ ᠠᠵᠢᠯ ᠤᠨ ᠬᠠᠮᠢᠶᠠᠷᠤᠯᠲᠠ ᠪᠠᠨ ᠤᠯᠠᠮ ᠨᠠᠷᠢᠯᠢᠭᠵᠢᠭᠤᠯᠵᠤ᠂ ᠦᠨᠳᠦᠰᠦᠲᠡᠨ ᠤ ᠰᠤᠶᠤᠯ ᠰᠤᠷᠭᠠᠨ ᠬᠦᠮᠦᠵᠢᠯ ᠤᠨ ᠦᠢᠯᠡᠰ ᠤᠨ ᠲᠦᠯᠦᠭᠡ ᠵᠤᠷᠢᠭᠲᠠᠢ᠂ ᠰᠢᠨᠡᠴᠢᠯᠡᠯᠲᠡ ᠲᠠᠢ᠂ ᠬᠠᠷᠠᠯᠲᠠ ᠲᠠᠢ  ᠎ ᠪᠠᠷ ᠵᠢᠳᠬᠦᠵᠦ᠂ ᠰᠦᠨᠢᠳ ᠨᠤᠲᠤᠭ ᠤᠨ ᠢᠶᠠᠨ ᠰᠤᠷᠭᠠᠨ ᠬᠦᠮᠦᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠵᠤᠷᠢᠭ ᠪᠤᠰᠤᠭ᠎ᠠ᠂ ᠲᠠᠩᠭᠠᠷᠢᠭ ᠪᠠᠲᠤ ᠮᠡᠷᠡᠶᠢᠨ  ᠲᠡᠮᠡᠦᠯᠡᠨ᠎ᠡ᠃
 
ᠢᠷᠡᠯᠲᠡ᠄ ᠮᠤᠩᠭᠤᠯ ᠦᠨᠳᠦᠰᠦᠳᠡᠨ ᠪᠠᠭ᠎ᠠ ᠰᠤᠷᠭᠠᠭᠤᠯᠢ ᠠᠴᠠ ᠬᠠᠩᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号