ᠮᠠᠨᠳᠠᠯᠳᠣ ᠪᠠᠯᠭᠠᠰᠤ ᠤᠨ ᠠᠵᠢᠯ ᠤᠨ ᠴᠢᠯᠤᠭᠡᠨ ᠤ ᠤᠯᠠᠭᠠᠨᠮᠥ᠋ᠴᠢᠷ   ᠤᠨ ᠳᠤᠰᠬᠠᠢ ᠲᠤᠭᠯᠠᠯᠲᠠ ᠠᠮᠵᠢᠯᠲᠠᠢ ᠦᠨᠳᠤᠷ᠊
ᠨᠡᠶᠢᠲᠡᠯᠡᠭᠰᠡᠨ ᠴᠠᠭ᠄
2017/7/6
              ᠮᠠᠨᠳᠠᠯᠳᠣ ᠪᠠᠯᠭᠠᠰᠤ ᠤᠨ ᠠᠵᠢᠯ ᠤᠨ ᠴᠢᠯᠤᠭᠡᠨ ᠤ ᠤᠯᠠᠭᠠᠨᠮᠥ᠋ᠴᠢᠷ               ᠤᠨ ᠳᠤᠰᠬᠠᠢ ᠲᠤᠭᠯᠠᠯᠲᠠ ᠠᠮᠵᠢᠯᠲᠠᠢ ᠦᠨᠳᠤᠷᠯᠡᠪᠡ                ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ  ᠪᠠᠶᠢᠭᠤᠯᠤᠭᠳᠠᠭᠰᠠᠨ70 ᠵᠢᠯ ᠤᠨ ᠤᠢ ᠪᠠᠨ ᠪᠡᠯᠭᠡᠯᠡᠬᠦ ᠶᠢᠨ ᠲᠦᠯᠤᠭᠡ  ᠂ ᠰᠦᠨᠢᠳ ᠵᠠᠭᠦᠨ ᠬᠤᠰᠢᠭᠤ ᠨᠢ   ︿ᠲᠠᠮᠠᠴᠢ ᠶᠢᠨ ᠡᠭᠡᠰᠢᠭᠯᠡᠯ﹀ ᠲᠠᠯᠠᠪᠤᠷ ᠤᠯᠠᠨ ᠨᠡᠶᠢᠲᠡ ᠶᠢᠨ ᠤᠷᠠᠨ ᠰᠠᠶᠢᠬᠠᠨ ᠤ ᠲᠤᠭᠯᠠᠯᠲᠠ ᠶᠢ ᠵᠤᠬᠢᠶᠠᠨ ᠪᠠᠶᠢᠭᠤᠯᠵᠦ  ᠂ 7 ᠰᠠᠷ᠎ᠠ ᠶᠢᠨ2 ᠤ ᠤᠷᠤᠢ ᠰᠦᠨᠢᠳ ᠲᠠᠯᠠᠪᠠᠢ ᠳᠤ ᠶᠠᠪᠤᠭᠳᠠᠭᠤᠯᠵᠤ᠂ ᠮᠠᠨᠳᠤᠯᠲᠦ ᠪᠠᠯᠭᠠᠰᠤ   ᠨᠢ ᠦᠪᠡᠳᠡᠭᠰᠢ ᠶᠡᠭᠡ ᠤᠷᠠᠨ ᠰᠠᠶᠢᠬᠠᠨ ᠤ ᠨᠠᠶᠢᠷ ᠪᠠ ᠦᠷᠭᠡᠨ ᠤᠯᠠᠨ ᠰᠠᠭᠤᠭᠠᠯᠢ ᠠᠷᠠᠳ ᠲᠠᠢ ᠪᠠᠨ ᠬᠠᠮᠲᠤ ᠦᠪᠦᠷ ᠮᠤᠩᠭᠤᠯ ᠤᠨ ᠦᠪᠡᠷᠲᠡᠭᠡᠨ ᠵᠰᠠᠬᠤ  ᠤᠷᠤᠨ ᠪᠠᠶᠢᠭᠤᠯᠤᠭᠳᠠᠭᠰᠠᠨ 70  ᠵᠢᠯ ᠤᠨ ᠤᠢ ᠳᠤ ᠵᠦᠪ ᠡᠨᠧᠷᠬᠢ ᠶᠢ ᠳᠠᠮᠵᠢᠭᠤᠯᠵᠦ᠂ ᠬᠠᠮᠲᠦ ᠪᠠᠷ ᠡᠶ᠎ᠡ ᠵᠤᠬᠢᠴᠢᠯ ᠲᠠᠢ ᠪᠤᠯᠪᠠᠰᠤᠨ ᠪᠠᠯᠭᠠᠰᠦ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠶ᠎ᠠ  ᠃          ᠦᠳᠡᠰᠢᠯᠡᠭᠡ ᠨᠢ  ᠂  ᠱᠠᠭᠱᠠᠭ᠎ᠠ  ᠢᠵᠠᠭᠤᠷ ᠤᠷᠠᠯᠢᠭ ᠤᠨ ᠬᠠᠮᠲᠤᠯᠢᠭ ᠤᠨ ᠲᠤᠭᠯᠠᠯᠲᠠ ᠪᠠᠷ ᠡᠷᠦᠬᠡ  ᠢᠶᠠᠨ ᠰᠡᠬᠦᠵᠦ᠂ ᠭᠠᠭᠴᠠ ᠬᠦᠮᠦᠨ ᠤ ᠳᠠᠭᠤᠤ᠂ ᠡᠷᠲᠡᠨ ᠤ ᠶᠠᠲᠤᠭ᠎ᠠ᠂ ᠬᠠᠮᠲᠤ ᠶᠢᠨ ᠪᠦᠵᠢᠭ᠂ ᠰᠢᠯᠦᠭ᠂ ᠵᠡᠬᠡᠯᠢ  ᠶᠢᠨ ᠪᠦᠵᠢᠭ᠂ ᠬᠠᠮᠲᠦ ᠶᠢᠨ ᠳᠠᠭᠤᠤ᠂ ᠳᠠᠯᠠᠪᠠᠢ ᠶᠢᠨ ᠪᠦᠵᠢᠭ ᠵᠡᠷᠭᠡ ᠲᠤᠭᠯᠠᠯᠲᠠ ᠪᠠᠷ ᠦᠷᠭᠦᠯᠵᠢᠯᠡᠵᠦ᠂ ᠮᠠᠨᠳᠠᠯᠳᠣ ᠪᠠᠯᠭᠠᠰᠤ ᠶᠢᠨ ᠠᠷᠠᠳ ᠤᠯᠠᠨ ᠤ ᠡᠷᠳᠡᠮ ᠴᠢᠳᠠᠪᠦᠷᠢ ᠶᠢ ᠭᠦᠢᠴᠡᠳ ᠢᠯᠡᠷᠡᠭᠦᠯᠵᠦ᠂ ᠮᠦᠨ ᠴᠦ ᠤᠯᠤᠰ ᠲᠠᠭᠠᠨ᠂ ᠪᠠᠯᠭᠠᠰᠤᠨ ᠤ ᠪᠠᠨ ᠡᠯ᠎ᠡ ᠠᠵᠢᠯ ᠤᠨ ᠰᠠᠶᠢᠨ ᠰᠠᠶᠢᠬᠠᠨ ᠢ ᠪᠡᠯᠭᠡᠳᠡᠵᠦ᠂ ᠦᠵᠡᠭᠴᠢᠳ ᠤᠨ ᠬᠠᠯᠠᠭᠤᠨ ᠬᠦᠷᠢᠶᠡᠯᠡᠯ   ᠢ ᠤᠯᠤᠭᠰᠠᠨ ᠪᠠᠶᠢᠨ᠎ᠠ᠃        ᠮᠠᠨᠳᠠᠯᠳᠣ ᠪᠠᠯᠭᠠᠰᠤᠨ ᠤ ᠠᠵᠢᠯ ᠤᠨ ᠴᠢᠯᠤᠭᠡᠨ ᠤ ᠤᠯᠠᠭᠠᠨᠮᠥ᠋ᠴᠢᠷ‌‍ᠤᠨ ᠬᠤᠷᠰᠢᠨ ᠪᠠᠶᠢᠭᠤᠯᠤᠭᠰᠠᠨ ᠦᠳᠡᠰᠢᠯᠡᠭᠡ ᠨᠢ ᠤᠯᠠᠮᠵᠢᠯᠠᠯ ᠰᠤᠶᠤᠯ ᠢᠶᠠᠨ ᠵᠠᠯᠭᠠᠮᠵᠢᠯᠠᠨ ᠪᠠᠳᠠᠷᠠᠭᠤᠯᠵᠦ᠂ ᠮᠦᠨ ᠴᠦ ᠲᠤᠰ ᠭᠠᠵᠠᠷ ᠤᠷᠤᠨ ᠤ ᠦᠨᠳᠦᠰᠦᠲᠡᠨ ᠤ ᠰᠤᠶᠤᠯ ᠪᠤᠯᠪᠠᠰᠦᠨ ᠰᠤᠷᠲᠠᠯ   ᠢ ᠪᠦᠲᠦᠭᠡᠨ ᠪᠠᠶᠢᠭᠤᠯᠤᠭᠰᠠᠨ ᠪᠠᠶᠢᠨ᠎ᠠ᠃ ᠲᠡᠳᠡᠨᠠᠷ ᠦᠪᠡᠷ ᠤᠨ ᠳᠠᠭᠤᠤ ᠬᠤᠭᠤᠯᠠᠢ ᠠᠪᠢᠶᠠᠰ ᠢᠶᠠᠷ ᠢᠶᠠᠨ ᠦᠨᠳᠤᠰᠦᠨ ᠵᠤᠷᠢᠭ ᠰᠠᠨᠠᠭ᠎ᠠ ᠢᠶᠠᠨ ᠪᠠᠳᠠᠷᠠᠭᠤᠯᠵᠦ᠂ ᠠᠵᠢᠯ ᠤᠨ ᠲᠠᠯ᠎ᠠ ᠳᠡᠭᠡᠷ᠎ᠡ ᠪᠠᠨ ᠦᠡᠭᠭᠡ ᠭᠡᠷᠡᠯ ᠨᠡᠮᠡᠷᠯᠡᠭᠰᠡᠨ ᠪᠠᠶᠢᠨ᠎ᠠ᠃
 
ᠢᠷᠡᠯᠲᠡ᠄ ᠮᠠᠨᠳᠠᠯᠳᠤ ᠪᠠᠯᠭᠠᠰᠤᠨ ᠤ ᠠᠯᠪᠠᠨ ᠬᠡᠷ ᠠᠴᠠ ᠬᠠᠩᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号