| | 《 ᠨᠤᠮ ᠤᠨ ᠦᠷᠦᠭᠡ》 ᠶᠢᠨ ᠦᠢᠯᠡᠳᠦᠯ ᠢ ᠪᠠᠳᠠᠷᠠᠭᠤᠯᠵᠤ | ᠨᠤᠮ ᠤᠩᠰᠢᠬᠤ ᠡᠷᠡᠭᠦᠯ ᠰᠠᠶᠢᠬᠠᠨ ᠰᠤᠷᠲᠠᠯ ᠲᠠᠢ ᠪᠤᠯᠬᠤ ᠶᠢ ᠤᠷᠢᠶᠠᠯᠠᠶ᠎ᠠ | ᠤᠯᠠᠨ ᠤᠯᠤᠰ ᠤᠨ ᠬᠤᠯᠪᠤᠭᠠᠲᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ | ᠰᠤᠶᠤᠯ ᠤᠨ ᠵᠤᠬᠢᠶᠠᠨ ᠪᠠᠶᠢᠭᠤᠯᠤᠯᠲᠠ ᠠᠴᠠ 1995 ᠤᠨ ᠳᠤ᠂ 4 ᠰᠠᠷ᠎ᠠ ᠶᠢᠨ 23 ᠤ ᠡᠳᠦᠷ ᠢ《ᠳᠡᠯᠡᠬᠡᠢ ᠶᠢᠨ | ᠨᠤᠮ ᠤᠩᠰᠢᠬᠤ ᠡᠳᠦᠷ》ᠪᠤᠯᠭᠠᠨ ᠠᠯᠪᠠᠨ ᠶᠤᠰᠤᠭᠠᠷ ᠲᠤᠭᠲᠠᠭᠠᠭᠰᠠᠨ ᠪᠠᠶᠢᠨ᠎ᠠ᠃ | ᠨᠤᠮ ᠪᠤᠯ ᠬᠦᠮᠦᠨ ᠲᠦᠷᠦᠯᠬᠢᠲᠡᠨ ᠤ ᠬᠠᠮᠤᠭ ᠤᠨ ᠡᠷᠬᠢᠮᠰᠦᠭ ᠨᠠᠶᠢᠵᠠ ᠮᠦᠨ᠃ ᠬᠦᠮᠦᠨ ᠪᠦᠬᠦᠨ᠂ | ᠦᠨᠳᠦᠰᠦᠲᠡᠨ ᠤ ᠢᠯᠭᠠᠯ ᠦᠭᠡᠢ᠂ ᠪᠠᠶᠠᠨ ᠶᠠᠳᠠᠭᠤ ᠶᠢᠨ ᠢᠯᠭᠠᠯ ᠦᠭᠡᠢ᠂ ᠪᠠᠶᠢᠷᠢ ᠰᠠᠭᠤᠷᠢ ᠶᠢᠨ ᠢᠯᠭᠠᠯ ᠦᠭᠡᠢ | ᠪᠠᠷ ᠴᠦᠮ ᠨᠤᠮ ᠠᠴᠠ ᠤᠶᠤᠨ ᠪᠢᠯᠢᠭ ᠤᠨ ᠭᠡᠭᠡ᠂ ᠰᠡᠳᠭᠢᠯ ᠤᠨ ᠡᠷᠴᠢ ᠲᠠᠮᠢᠷ ᠢ ᠬᠦᠷᠲᠡᠵᠦ ᠪᠤᠯᠳᠠᠭ᠂ ᠤᠶᠤᠨ | ᠤ ᠭᠠᠯ ᠮᠦᠬᠦᠬᠦ ᠦᠭᠡᠢ ᠪᠤᠯ᠂ ᠰᠤᠶᠤᠯ ᠤᠨ ᠵᠤᠯᠠ ᠪᠦᠬᠦᠬᠦ ᠦᠭᠡᠢ ᠭᠡᠳᠡᠭ ᠢᠶᠠᠷ᠂ ᠢᠯᠡᠭᠦᠬᠡᠨ ᠨᠤᠮ ᠤᠩᠰᠢᠵᠤ᠂ | ᠤᠶᠤᠨ ᠲᠠᠷᠢᠬᠢ ᠪᠠᠨ ᠬᠤᠷᠴᠠᠯᠠᠵᠤ᠂ ᠠᠮᠢᠳᠤᠷᠠᠯ ᠢᠶᠠᠨ ᠪᠠᠶᠠᠯᠢᠭᠵᠢᠭᠤᠯᠬᠤ ᠨᠢ ᠲᠤᠶᠢᠯ ᠤᠨ ᠶᠡᠭᠡ ᠤᠳᠬ᠎ᠠ | ᠠᠭᠤᠯᠭ᠎ᠠ ᠲᠠᠢ ᠪᠠᠶᠢᠳᠠᠭ᠃ | ᠬᠤᠩᠭᠤᠷ ᠰᠤᠮᠤ ᠨᠢ《 ᠳᠡᠯᠡᠬᠡᠢ ᠶᠢᠨ ᠨᠤᠮ ᠤᠩᠰᠢᠬᠤ ᠡᠳᠦᠷ 》ᠬᠦᠷᠴᠦ ᠢᠷᠡᠬᠦ ᠶᠢᠨ ᠲᠠᠰᠢᠷᠠᠮ ᠢᠶᠠᠷ | ᠰᠤᠮᠤᠨ ᠤ ᠡᠮᠡᠭᠲᠡᠶᠢᠴᠦᠳ ᠤᠨ ᠬᠤᠯᠪᠤᠭᠠᠨ ᠠᠴᠠ ᠡᠷᠬᠢᠯᠡᠭᠰᠡᠨ《 ᠨᠤᠮ ᠠᠴᠠ ᠵᠤᠯ ᠵᠢᠷᠭᠠᠯ ᠬᠦᠷᠲᠡᠵᠦ᠂ ᠡᠷᠡᠭᠦᠯ | ᠤᠬᠠᠭᠠᠨ ᠢᠶᠠᠷ ᠠᠮᠢᠳᠤᠷᠠᠬᠤ 》ᠤᠬᠠᠭᠠᠯᠢᠭ ᠡᠬᠡᠴᠦᠳ ᠤᠨ ᠨᠤᠮ ᠤᠩᠰᠢᠬᠤ ᠠᠵᠢᠯᠯᠠᠭ᠎ᠠ ᠶᠢ ᠢᠳᠡᠪᠬᠢᠲᠠᠢ | ᠦᠷᠨᠢᠭᠦᠯᠵᠦ᠂ ᠨᠤᠮ ᠠᠴᠠ ᠰᠢᠮ᠎ᠡ ᠲᠡᠵᠢᠭᠡᠯ ᠠᠪᠴᠤ᠂ ᠰᠠᠶᠢᠨ ᠰᠠᠶᠢᠬᠠᠨ ᠭᠡᠷ ᠪᠦᠯᠢ ᠶᠢᠨ ᠰᠤᠷᠲᠠᠯ ᠢ ᠪᠤᠢ | ᠪᠤᠯᠭᠠᠬᠤ ᠶᠢ ᠤᠷᠢᠶᠠᠯᠠᠭᠰᠠᠨ ᠪᠠᠶᠢᠨ᠎ᠠ᠃ | ᠬᠤᠩᠭᠤᠷ ᠰᠤᠮᠤᠨ ᠤ《 ᠪᠠᠶᠢᠴᠠᠭᠠᠭᠴᠢ ᠶᠢᠨ ᠨᠤᠮ ᠤᠨ ᠦᠷᠦᠭᠡ》 ᠨᠢ 2015 ᠤᠨ ᠳᠤ | ᠪᠠᠶᠢᠭᠤᠯᠤᠭᠳᠠᠵᠤ᠂ ᠡᠳᠦᠭᠡ ᠪᠤᠯᠲᠠᠯ᠎ᠠ 2 ᠲᠦᠮᠡ ᠭᠠᠷᠤᠢ ᠲᠡᠪᠲᠡᠷ ᠨᠤᠮ ᠲᠠᠢ ᠪᠤᠯᠵᠠᠢ᠃ ᠡᠨᠡ ᠵᠢᠯ ᠪᠠᠰᠠ | ᠨᠡᠯᠢᠶᠡᠳ ᠤᠯᠠᠨ ᠲᠤᠭᠠᠨ ᠤ ᠨᠤᠮ ᠪᠢᠴᠢᠭ ᠢ ᠰᠢᠨ᠎ᠡ ᠪᠠᠷ ᠨᠡᠮᠡᠵᠦ ᠤᠷᠤᠭᠤᠯᠬᠤ ᠪᠠᠷ ᠲᠦᠯᠦᠪᠯᠡᠵᠦ᠂ ᠦᠷᠭᠡᠨ | ᠤᠯᠠᠨ ᠺᠠᠳ᠋ᠷ ᠠᠵᠢᠯᠲᠠᠳ᠂ ᠮᠠᠯᠴᠢᠨ ᠲᠦᠮᠡᠨ ᠤ ᠪᠠᠨ ᠨᠤᠮ ᠤᠩᠰᠢᠬᠤ ᠢᠳᠡᠪᠬᠢᠵᠢᠯ ᠢ ᠭᠦᠢᠴᠡᠳ ᠲᠠᠶᠢᠴᠢᠯᠠᠬᠤ | ᠶᠢᠨ ᠲᠦᠯᠦᠭᠡ᠂ ᠮᠠᠨ ᠤ ᠨᠤᠮ ᠤᠨ ᠦᠷᠦᠭᠡ ᠨᠢ ᠴᠡᠪᠡᠷ ᠴᠡᠮᠴᠡᠭᠡᠷ ᠤᠷᠴᠢᠨ ᠲᠤᠭᠤᠷᠢᠨ ᠲᠠᠢ ᠪᠦᠭᠡᠳ ᠬᠠᠷᠠᠮᠵᠢ | ᠦᠭᠡᠢ ᠪᠠᠷ ᠨᠤᠮ ᠵᠢᠭᠡᠯᠡᠭᠦᠯᠬᠦ ᠲᠦᠷᠢᠮ ᠢ ᠬᠡᠷᠡᠭᠵᠢᠭᠦᠯᠵᠦ᠂ ᠨᠤᠮ ᠤᠨ ᠦᠷᠦᠭᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠺᠠᠳ᠋ᠷ ᠠᠵᠢᠯᠲᠠᠳ᠂ ᠮᠠᠯᠴᠢᠨ ᠲᠦᠮᠡᠨ ᠤ ᠮᠡᠳᠡᠯᠭᠡ ᠶᠢ ᠨᠡᠮᠡᠭᠳᠡᠭᠦᠯᠦᠨ᠂ ᠤᠶᠤᠨ ᠰᠠᠨᠠᠭ᠎ᠠ ᠶᠢ ᠨᠢ | ᠲᠡᠭᠦᠯᠳᠡᠷᠵᠢᠭᠦᠯᠬᠦ ᠳᠤ ᠦᠷᠬᠦᠯᠵᠢᠯᠡᠨ《 ᠤᠶᠤᠨ ᠤ ᠲᠡᠵᠢᠭᠡᠯ 》ᠬᠠᠩᠭᠠᠬᠤ ᠪᠤᠯᠤᠨ᠎ᠠ᠃ | |