《 ᠨᠤᠮ ᠤᠨ ᠦᠷᠦᠭᠡ》 ᠶᠢᠨ ᠦᠢᠯᠡᠳᠦᠯ ᠢ ᠪᠠᠳᠠᠷᠠᠭᠤᠯᠵᠤ ᠨᠤᠮ ᠤᠩᠰᠢᠬᠤ ᠡᠷᠡᠭᠦᠯ ᠰᠠᠶᠢᠬᠠᠨ ᠰᠤᠷᠲᠠᠯ ᠲᠠᠢ ᠪᠤᠯᠬᠤ ᠶᠢ ᠤᠷᠢᠶᠠ᠊
ᠨᠡᠶᠢᠲᠡᠯᠡᠭᠰᠡᠨ ᠴᠠᠭ᠄
2018/4/26
         《 ᠨᠤᠮ ᠤᠨ ᠦᠷᠦᠭᠡ》 ᠶᠢᠨ ᠦᠢᠯᠡᠳᠦᠯ ᠢ ᠪᠠᠳᠠᠷᠠᠭᠤᠯᠵᠤ             ᠨᠤᠮ ᠤᠩᠰᠢᠬᠤ ᠡᠷᠡᠭᠦᠯ ᠰᠠᠶᠢᠬᠠᠨ ᠰᠤᠷᠲᠠᠯ ᠲᠠᠢ ᠪᠤᠯᠬᠤ ᠶᠢ ᠤᠷᠢᠶᠠᠯᠠᠶ᠎ᠠ        ᠤᠯᠠᠨ ᠤᠯᠤᠰ ᠤᠨ ᠬᠤᠯᠪᠤᠭᠠᠲᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ ᠤᠨ ᠵᠤᠬᠢᠶᠠᠨ ᠪᠠᠶᠢᠭᠤᠯᠤᠯᠲᠠ ᠠᠴᠠ 1995 ᠤᠨ ᠳᠤ᠂ 4 ᠰᠠᠷ᠎ᠠ ᠶᠢᠨ 23 ᠤ ᠡᠳᠦᠷ ᠢ《ᠳᠡᠯᠡᠬᠡᠢ ᠶᠢᠨ ᠨᠤᠮ ᠤᠩᠰᠢᠬᠤ ᠡᠳᠦᠷ》ᠪᠤᠯᠭᠠᠨ ᠠᠯᠪᠠᠨ ᠶᠤᠰᠤᠭᠠᠷ ᠲᠤᠭᠲᠠᠭᠠᠭᠰᠠᠨ ᠪᠠᠶᠢᠨ᠎ᠠ᠃ᠨᠤᠮ ᠪᠤᠯ ᠬᠦᠮᠦᠨ ᠲᠦᠷᠦᠯᠬᠢᠲᠡᠨ ᠤ ᠬᠠᠮᠤᠭ ᠤᠨ ᠡᠷᠬᠢᠮᠰᠦᠭ ᠨᠠᠶᠢᠵᠠ ᠮᠦᠨ᠃ ᠬᠦᠮᠦᠨ ᠪᠦᠬᠦᠨ᠂ ᠦᠨᠳᠦᠰᠦᠲᠡᠨ ᠤ ᠢᠯᠭᠠᠯ ᠦᠭᠡᠢ᠂ ᠪᠠᠶᠠᠨ ᠶᠠᠳᠠᠭᠤ ᠶᠢᠨ ᠢᠯᠭᠠᠯ ᠦᠭᠡᠢ᠂ ᠪᠠᠶᠢᠷᠢ ᠰᠠᠭᠤᠷᠢ ᠶᠢᠨ ᠢᠯᠭᠠᠯ ᠦᠭᠡᠢ  ᠪᠠᠷ ᠴᠦᠮ ᠨᠤᠮ ᠠᠴᠠ ᠤᠶᠤᠨ ᠪᠢᠯᠢᠭ ᠤᠨ ᠭᠡᠭᠡ᠂ ᠰᠡᠳᠭᠢᠯ ᠤᠨ ᠡᠷᠴᠢ ᠲᠠᠮᠢᠷ ᠢ ᠬᠦᠷᠲᠡᠵᠦ ᠪᠤᠯᠳᠠᠭ᠂ ᠤᠶᠤᠨ  ᠤ ᠭᠠᠯ ᠮᠦᠬᠦᠬᠦ ᠦᠭᠡᠢ ᠪᠤᠯ᠂ ᠰᠤᠶᠤᠯ ᠤᠨ ᠵᠤᠯᠠ ᠪᠦᠬᠦᠬᠦ ᠦᠭᠡᠢ ᠭᠡᠳᠡᠭ ᠢᠶᠠᠷ᠂ ᠢᠯᠡᠭᠦᠬᠡᠨ ᠨᠤᠮ ᠤᠩᠰᠢᠵᠤ᠂ ᠤᠶᠤᠨ ᠲᠠᠷᠢᠬᠢ ᠪᠠᠨ ᠬᠤᠷᠴᠠᠯᠠᠵᠤ᠂ ᠠᠮᠢᠳᠤᠷᠠᠯ ᠢᠶᠠᠨ ᠪᠠᠶᠠᠯᠢᠭᠵᠢᠭᠤᠯᠬᠤ ᠨᠢ ᠲᠤᠶᠢᠯ ᠤᠨ ᠶᠡᠭᠡ ᠤᠳᠬ᠎ᠠ ᠠᠭᠤᠯᠭ᠎ᠠ ᠲᠠᠢ ᠪᠠᠶᠢᠳᠠᠭ᠃       ᠬᠤᠩᠭᠤᠷ ᠰᠤᠮᠤ ᠨᠢ《 ᠳᠡᠯᠡᠬᠡᠢ ᠶᠢᠨ ᠨᠤᠮ ᠤᠩᠰᠢᠬᠤ ᠡᠳᠦᠷ 》ᠬᠦᠷᠴᠦ ᠢᠷᠡᠬᠦ ᠶᠢᠨ ᠲᠠᠰᠢᠷᠠᠮ ᠢᠶᠠᠷ ᠰᠤᠮᠤᠨ ᠤ ᠡᠮᠡᠭᠲᠡᠶᠢᠴᠦᠳ ᠤᠨ ᠬᠤᠯᠪᠤᠭᠠᠨ ᠠᠴᠠ ᠡᠷᠬᠢᠯᠡᠭᠰᠡᠨ《 ᠨᠤᠮ ᠠᠴᠠ ᠵᠤᠯ ᠵᠢᠷᠭᠠᠯ ᠬᠦᠷᠲᠡᠵᠦ᠂ ᠡᠷᠡᠭᠦᠯ ᠤᠬᠠᠭᠠᠨ ᠢᠶᠠᠷ ᠠᠮᠢᠳᠤᠷᠠᠬᠤ 》ᠤᠬᠠᠭᠠᠯᠢᠭ ᠡᠬᠡᠴᠦᠳ ᠤᠨ ᠨᠤᠮ ᠤᠩᠰᠢᠬᠤ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠦ᠂ ᠨᠤᠮ ᠠᠴᠠ ᠰᠢᠮ᠎ᠡ ᠲᠡᠵᠢᠭᠡᠯ ᠠᠪᠴᠤ᠂ ᠰᠠᠶᠢᠨ ᠰᠠᠶᠢᠬᠠᠨ ᠭᠡᠷ ᠪᠦᠯᠢ ᠶᠢᠨ ᠰᠤᠷᠲᠠᠯ ᠢ ᠪᠤᠢ ᠪᠤᠯᠭᠠᠬᠤ ᠶᠢ ᠤᠷᠢᠶᠠᠯᠠᠭᠰᠠᠨ ᠪᠠᠶᠢᠨ᠎ᠠ᠃       ᠬᠤᠩᠭᠤᠷ ᠰᠤᠮᠤᠨ ᠤ《 ᠪᠠᠶᠢᠴᠠᠭᠠᠭᠴᠢ ᠶᠢᠨ ᠨᠤᠮ ᠤᠨ ᠦᠷᠦᠭᠡ》 ᠨᠢ 2015 ᠤᠨ ᠳᠤ ᠪᠠᠶᠢᠭᠤᠯᠤᠭᠳᠠᠵᠤ᠂ ᠡᠳᠦᠭᠡ ᠪᠤᠯᠲᠠᠯ᠎ᠠ 2 ᠲᠦᠮᠡ ᠭᠠᠷᠤᠢ ᠲᠡᠪᠲᠡᠷ ᠨᠤᠮ ᠲᠠᠢ ᠪᠤᠯᠵᠠᠢ᠃ ᠡᠨᠡ ᠵᠢᠯ ᠪᠠᠰᠠ ᠨᠡᠯᠢᠶᠡᠳ ᠤᠯᠠᠨ ᠲᠤᠭᠠᠨ ᠤ ᠨᠤᠮ ᠪᠢᠴᠢᠭ ᠢ ᠰᠢᠨ᠎ᠡ ᠪᠠᠷ ᠨᠡᠮᠡᠵᠦ ᠤᠷᠤᠭᠤᠯᠬᠤ ᠪᠠᠷ ᠲᠦᠯᠦᠪᠯᠡᠵᠦ᠂ ᠦᠷᠭᠡᠨ ᠤᠯᠠᠨ ᠺᠠᠳ᠋ᠷ ᠠᠵᠢᠯᠲᠠᠳ᠂ ᠮᠠᠯᠴᠢᠨ ᠲᠦᠮᠡᠨ ᠤ ᠪᠠᠨ ᠨᠤᠮ ᠤᠩᠰᠢᠬᠤ ᠢᠳᠡᠪᠬᠢᠵᠢᠯ ᠢ ᠭᠦᠢᠴᠡᠳ ᠲᠠᠶᠢᠴᠢᠯᠠᠬᠤ  ᠶᠢᠨ ᠲᠦᠯᠦᠭᠡ᠂ ᠮᠠᠨ ᠤ ᠨᠤᠮ ᠤᠨ ᠦᠷᠦᠭᠡ ᠨᠢ ᠴᠡᠪᠡᠷ ᠴᠡᠮᠴᠡᠭᠡᠷ ᠤᠷᠴᠢᠨ ᠲᠤᠭᠤᠷᠢᠨ ᠲᠠᠢ ᠪᠦᠭᠡᠳ ᠬᠠᠷᠠᠮᠵᠢ ᠦᠭᠡᠢ ᠪᠠᠷ ᠨᠤᠮ ᠵᠢᠭᠡᠯᠡᠭᠦᠯᠬᠦ ᠲᠦᠷᠢᠮ ᠢ ᠬᠡᠷᠡᠭᠵᠢᠭᠦᠯᠵᠦ᠂ ᠨᠤᠮ ᠤᠨ ᠦᠷᠦᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠺᠠᠳ᠋ᠷ ᠠᠵᠢᠯᠲᠠᠳ᠂ ᠮᠠᠯᠴᠢᠨ ᠲᠦᠮᠡᠨ ᠤ ᠮᠡᠳᠡᠯᠭᠡ ᠶᠢ ᠨᠡᠮᠡᠭᠳᠡᠭᠦᠯᠦᠨ᠂ ᠤᠶᠤᠨ ᠰᠠᠨᠠᠭ᠎ᠠ ᠶᠢ ᠨᠢ ᠲᠡᠭᠦᠯᠳᠡᠷᠵᠢᠭᠦᠯᠬᠦ ᠳᠤ ᠦᠷᠬᠦᠯᠵᠢᠯᠡᠨ《 ᠤᠶᠤᠨ ᠤ ᠲᠡᠵᠢᠭᠡᠯ 》ᠬᠠᠩᠭᠠᠬᠤ ᠪᠤᠯᠤᠨ᠎ᠠ᠃
<< < 1 2 3 > >>  
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号