ᠮᠠᠯᠴᠢᠨ ᠲᠦᠮᠡᠨ ᠳᠡᠭᠡᠨ ᠳᠡᠪᠰᠢᠬᠦᠯᠬᠦ‍ ᠨᠢᠬᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2018/4/9
          ᠮᠠᠯᠴᠢᠨ ᠲᠦᠮᠡᠨ ᠳᠡᠭᠡᠨ ᠳᠡᠪᠰᠢᠬᠦᠯᠬᠦ‍ ᠨᠢᠬᠡ ᠬᠤᠪᠢ ᠵᠠᠬᠢᠳᠠᠯᠦᠷᠭᠡᠨ ᠤᠯᠠᠨ ᠮᠠᠯᠴᠢᠳ ᠮᠢᠨᠢ᠄        ᠤᠷᠢᠬᠠᠨ ᠬᠠᠪᠤᠷ ᠤᠨ ᠤᠶᠠᠬᠠᠨ ᠰᠠᠯᠬᠢ ᠡᠬᠡ ᠭᠠᠵᠠᠷ ᠢ ᠤᠶᠠᠰᠬᠠᠵᠦ᠂ ᠰᠦᠨᠢᠳ ᠨᠤᠲᠤᠭ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠨ᠎ᠠ᠃ ᠡᠨᠡᠬᠦ ᠰᠠᠶᠢᠠᠬᠠᠨ ᠴᠠᠭ ᠮᠦᠴᠡ ᠳᠤ ᠳᠠᠯ᠎ᠠ ᠨᠤᠳᠤᠭ ᠤᠨ ᠦᠷᠦᠴᠡᠨ ᠳᠤ ᠪᠠᠶᠠᠷ ᠤᠨ ᠴᠢᠮᠡᠭᠡ ᠲᠤᠭᠤᠯᠳᠠᠯ᠎ᠠ — ︽ᠭᠡᠷᠡᠯᠯᠢᠭ ᠰᠦᠯᠵᠢᠶ᠎ᠠ ᠶᠢ ᠭᠠᠴᠠᠭ᠎ᠠ ᠪᠤᠯᠭᠠᠨ ᠳᠤ ᠨᠡᠪᠳᠡᠷᠡᠬᠦᠯᠵᠤ᠂ ᠤᠳᠠᠰᠤᠳᠤ ᠲᠧᠯᠸᠢᠰ ᠢ ᠡᠷᠦᠬᠡ ᠪᠦᠬᠦᠨ ᠳᠤ ᠨᠡᠪᠳᠡᠷᠡᠬᠦᠯᠬᠦ︾ ᠢᠨᠵᠧᠨᠧᠷᠢᠩ ᠳᠠᠷᠤᠢ ᠨᠠᠮ ᠪᠠ ᠲᠦᠷᠦ ᠶᠢᠨ ᠠᠷᠠᠳ ᠢᠶᠠᠨ ᠪᠠᠶᠠᠵᠢᠭᠤᠯᠬᠤ ᠲᠦᠷᠦ  ᠶᠢᠨ ᠪᠤᠳᠤᠯᠭ᠎ᠠ᠂ ᠶᠠᠳᠠᠭᠤ ᠶᠢ ᠳᠡᠳᠬᠦᠬᠦ ᠢᠨᠵᠧᠨᠧᠷᠢᠩ ᠢ ᠮᠠᠯᠵᠢᠬᠤ ᠤᠷᠤᠨ ᠳᠤ ᠬᠡᠷᠡᠭᠵᠢᠬᠦᠯᠬᠦ ᠪᠠᠷ ᠪᠤᠯᠤᠯ᠎ᠠ᠃        ︽ᠭᠡᠷᠡᠯᠯᠢᠭ ᠰᠦᠯᠵᠢᠶ᠎ᠠ ᠶᠢ ᠭᠠᠴᠠᠭ᠎ᠠ ᠪᠤᠯᠭᠠᠨ ᠳᠤ ᠨᠡᠪᠳᠡᠷᠡᠬᠦᠯᠵᠤ᠂ ᠤᠳᠠᠰᠤᠳᠤ ᠲᠧᠯᠸᠢᠰ ᠢ ᠡᠷᠦᠬᠡ ᠪᠦᠬᠦᠨ  ᠳᠤ ᠨᠡᠪᠳᠡᠷᠡᠬᠦᠯᠬᠦ︾ ᠪᠤᠯ ᠮᠠᠯᠵᠢᠬᠤ ᠤᠷᠤᠨ ᠤ ᠦᠨᠳᠦᠰᠦᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠬᠤᠳᠠ ᠬᠦᠳᠡᠭᠡ ᠶᠢᠨ ︽ᠲᠤᠭᠠᠴᠢᠯᠠᠭᠰᠠᠨ ᠬᠦᠭᠵᠢᠯᠳᠠ ᠶᠢᠨ ᠵᠦᠷᠢᠶ᠎ᠠ︾ ᠶᠢ ᠪᠠᠭᠠᠰᠬᠠᠬᠤ ᠱᠠᠭᠠᠷᠳᠠᠯᠭ᠎ᠠ  ᠠᠴᠠ ᠪᠤᠯᠤᠭᠰᠠᠨ ᠶᠤᠮ᠃ ᠮᠦᠨᠴᠦ ᠰᠢ ᠶᠢᠨ ᠫᠢᠩ ᠶᠡᠷᠦᠩᠬᠡᠢ ᠱᠦᠵᠢ ᠶᠢᠨ ︽ᠲᠤᠤᠷ ᠰᠦᠯᠵᠢᠶᠠᠨ ᠤ ᠬᠦᠴᠦᠷᠭᠡᠭ ᠤᠯᠤᠰ ᠢ ᠪᠠᠶᠢᠭᠤᠯᠬᠤ︾ ᠵᠡᠷᠭᠡ ᠴᠢᠬᠤᠯᠠ ᠵᠢᠭᠠᠪᠤᠷᠢ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠤᠭᠳᠠᠭᠠᠭᠰᠠᠨ ︽ᠬᠦᠳᠡᠭᠡ ᠲᠤᠰᠬᠤᠨ ᠮᠠᠯᠵᠢᠬᠤ ᠤᠷᠤᠨ ᠵᠢᠴᠢ ᠪᠤᠶᠢᠳᠠ ᠪᠦᠭᠯᠡᠬᠦᠦ ᠭᠠᠵᠠᠷ ᠤᠷᠤᠨ ᠤ ᠦᠷᠭᠡᠨ ᠪᠦᠰᠡ ᠶᠢᠨ ᠰᠦᠯᠵᠢᠶᠠᠨ  ᠤ ᠬᠦᠭᠵᠢᠯᠳᠠ ᠶᠢ ᠳᠡᠮᠵᠢᠬᠦ︾᠂ ᠲᠤᠤᠷ ᠰᠦᠯᠵᠢᠶ᠎ᠠ +᠂ ᠤᠨᠤᠪᠴᠢᠲᠠᠢ ᠪᠠᠷ ᠶᠠᠳᠠᠭᠤ ᠶᠢ ᠳᠡᠳᠬᠦᠬᠦ ᠵᠡᠷᠭᠡ ᠠᠵᠢᠯ ᠢ ᠳᠦᠯᠬᠢᠨ ᠠᠬᠢᠭᠤᠯᠵᠦ᠂ ᠬᠦᠳᠡᠭᠡ ᠲᠤᠰᠬᠤᠨ ᠤ ᠴᠡᠴᠡᠭᠯᠡᠨ ᠬᠦᠭᠵᠢᠯᠲᠡ ᠳᠤ ᠦᠢᠯᠡᠴᠢᠯᠡᠬᠦ ᠶᠢᠨ ᠴᠢᠬᠤᠯᠠ ᠢᠯᠡᠷᠡᠯ ᠪᠤᠯᠬᠤ  ᠪᠠᠷ ᠪᠠᠷᠠᠬᠤ ᠦᠭᠡᠢ᠂ ᠰᠤᠷᠠᠭ ᠵᠠᠩᠬᠢᠵᠢᠯᠠᠯᠲᠠ ᠶᠢᠨ ᠬᠢᠷᠢ ᠬᠡᠮᠵᠢᠶ᠎ᠡ ᠶᠢ ᠪᠦᠬᠦ ᠳᠠᠯ᠎ᠠ ᠪᠠᠷ ᠳᠡᠭᠡᠭᠰᠢᠯᠡᠬᠦᠯᠬᠦ ᠶᠢᠨ ᠴᠢᠬᠤᠯᠠ ᠤᠷᠢᠳᠠᠯ ᠪᠤᠯᠤᠨ᠎ᠠ᠃        ᠤᠳᠤᠬᠠᠨ ᠳᠤ᠂ ᠮᠠᠨ ᠤ ᠮᠠᠯᠵᠢᠬᠤ ᠤᠷᠤᠨ ᠤ ᠰᠤᠷᠠᠭ ᠵᠠᠩᠬᠢ ᠶᠢᠨ ᠬᠦᠭᠵᠢᠯᠳᠠ ᠶᠢᠨ ᠬᠢᠷᠢ ᠬᠡᠮᠵᠢᠶ᠎ᠡ ᠨᠡᠯᠢᠶᠠᠳ ᠬᠤᠴᠤᠷᠤᠩᠭᠤᠢ᠂ ᠦᠷᠭᠡᠨ ᠪᠦᠰᠡ ᠶᠢᠨ ᠰᠦᠯᠵᠢᠶᠠᠨ ᠤ ᠪᠦᠷᠬᠦᠴᠡ ᠶᠢᠨ ᠨᠤᠷᠮ᠎ᠠ ᠲᠤᠤᠷ᠎ᠠ ᠪᠠᠶᠢᠨ᠎ᠠ᠃ ︽ᠭᠡᠷᠡᠯᠯᠢᠭ ᠰᠦᠯᠵᠢᠶ᠎ᠠ ᠶᠢ ᠭᠠᠴᠠᠭ᠎ᠠ ᠪᠤᠯᠭᠠᠨ ᠳᠤ ᠨᠡᠪᠳᠡᠷᠡᠬᠦᠯᠵᠤ᠂ ᠤᠳᠠᠰᠤᠳᠤ ᠲᠧᠯᠸᠢᠰ ᠢ ᠡᠷᠦᠬᠡ ᠪᠦᠬᠦᠨ ᠳᠤ ᠨᠡᠪᠳᠡᠷᠡᠬᠦᠯᠬᠦ︾ ᠢᠨᠵᠧᠨᠧᠷᠢᠩ ᠢ ᠮᠠᠯᠵᠢᠬᠤ ᠤᠷᠤᠨ ᠳᠤ ᠬᠡᠷᠡᠭᠵᠢᠬᠦᠯᠬᠦ ᠪᠤᠯ ᠲᠤᠳᠠᠭᠳᠠᠯ ᠢᠶᠠᠨ ᠨᠦᠬᠦᠪᠦᠷᠢᠯᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠡᠬᠦᠷᠭᠡ ᠪᠠᠨ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠵᠤ᠂ ᠠᠶᠢᠮᠠᠭ ᠳᠠᠶᠠᠭᠠᠷ ᠲᠠᠢ ᠬᠠᠮᠲᠦ ᠳᠠᠭᠠᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃        ︽ᠭᠡᠷᠡᠯᠯᠢᠭ ᠰᠦᠯᠵᠢᠶ᠎ᠠ ᠶᠢ ᠭᠠᠴᠠᠭ᠎ᠠ ᠪᠤᠯᠭᠠᠨ ᠳᠤ ᠨᠡᠪᠳᠡᠷᠡᠬᠦᠯᠵᠤ᠂ ᠤᠳᠠᠰᠤᠳᠤ ᠲᠧᠯᠸᠢᠰ ᠢ ᠡᠷᠦᠬᠡ ᠪᠦᠬᠦᠨ  ᠳᠤ ᠨᠡᠪᠳᠡᠷᠡᠬᠦᠯᠬᠦ︾ ᠢᠨᠵᠧᠨᠧᠷᠢᠩ ᠢ ᠬᠡᠷᠡᠭᠵᠢᠬᠦᠯᠦᠭᠰᠡᠨ ᠤ ᠳᠠᠷᠠᠭ᠎ᠠ᠂ ᠭᠡᠷᠡᠯᠯᠢᠭ ᠰᠦᠯᠵᠢᠶ᠎ᠠ ᠶᠢ ᠮᠠᠯᠵᠢᠬᠤ ᠤᠷᠤᠨ ᠳᠤ ᠪᠦᠬᠦ ᠳᠠᠯ᠎ᠠ ᠪᠠᠷ ᠪᠦᠷᠬᠦᠬᠦᠯᠵᠤ᠂ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ᠂ ᠰᠤᠮᠤ ︵ᠪᠠᠯᠭᠠᠰᠤ︶ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠵᠢᠴᠢ ᠮᠠᠯ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠂ ᠠᠵᠤ ᠦᠢᠯᠡᠳᠪᠦᠷᠢ ᠶᠢᠨ ᠲᠤᠭᠤᠷᠢᠭ᠂ ᠳᠠᠷᠢᠵᠤ ᠲᠡᠵᠢᠭᠡᠬᠦ ᠰᠠᠭᠤᠷᠢᠨ ᠭᠠᠵᠠᠷ ᠵᠡᠷᠭᠡ ᠭᠠᠵᠠᠷ ᠤᠷᠤᠨ᠂ ᠲᠠᠯᠠᠪᠠᠢ ᠲᠤᠭᠤᠷᠢᠭ ᠤᠨ ᠳᠠᠪᠤᠨ ᠳᠡᠰ ᠤᠨ ᠭᠡᠷᠡᠯᠯᠢᠭ ᠰᠦᠯᠵᠢᠶ᠎ᠠ ᠶᠢ ᠪᠦᠷᠬᠦᠬᠦᠯᠵᠤ᠂ ᠤᠳᠠᠰᠤᠳᠤ ᠪᠠ ᠤᠳᠠᠰᠤ ᠦᠬᠡᠢ ᠲᠤᠤᠷ ᠰᠦᠯᠵᠢᠶ᠎ᠠ ᠶᠢ ᠠᠭᠤᠰᠤᠯᠴᠠᠭᠤᠯᠤᠭᠰᠠᠨ ᠷᠠᠳᠢᠣ᠋ ᠲᠧᠯᠸᠢᠰ ᠦᠨᠳᠦᠷ ᠬᠤᠷᠳᠤᠴᠠᠳᠤ ᠦᠷᠭᠡᠨ ᠪᠦᠰᠡ ᠶᠢᠨ ᠰᠦᠯᠵᠢᠶ᠎ᠠ ᠪᠤᠯᠤᠨ ᠷᠠᠳᠢᠤ᠋ ᠲᠧᠯᠸᠢᠰ ᠤᠨ ᠫᠷᠦᠭᠷᠡᠮ ᠢ ᠳᠠᠮᠵᠢᠭᠤᠯᠬᠤ ᠰᠦᠯᠵᠢᠶ᠎ᠡ ᠶᠢ  ᠪᠦᠷᠬᠦᠬᠦᠯᠦᠨ᠎ᠡ᠃ ᠵᠠᠰᠠᠭ ᠤᠨ ᠤᠷᠳᠤᠨ᠂ ᠠᠵᠤ ᠠᠬᠤᠶᠢᠯᠠᠯ ᠪᠤᠯᠤᠨ ᠬᠡᠷ ᠪᠦᠯᠢ ᠶᠢᠨ ᠰᠤᠷᠠᠭ ᠵᠠᠩᠬᠢᠵᠢᠯᠠᠯᠲᠠ ᠶᠢ ᠲᠤᠯᠭᠠᠭᠤᠷᠢᠭᠤᠯᠬᠤ ᠵᠡᠷᠭᠡ ᠶᠡᠷᠦᠩᠭᠡᠶᠢᠯᠡᠭᠰᠡᠨ ᠠᠵᠢᠯ ᠢ ᠪᠡᠶᠡᠯᠡᠬᠦᠯᠵᠤ᠂ ︽ᠭᠡᠷᠡᠯᠯᠢᠭ ᠰᠦᠯᠵᠢᠶ᠎ᠠ ᠶᠢ ᠭᠠᠴᠠᠭ᠎ᠠ ᠪᠤᠯᠭᠠᠨ ᠳᠤ ᠨᠡᠪᠳᠡᠷᠡᠬᠦᠯᠵᠤ᠂ ᠤᠳᠠᠰᠤᠳᠤ ᠲᠧᠯᠸᠢᠰ ᠢ ᠡᠷᠦᠬᠡ ᠪᠦᠬᠦᠨ ᠳᠤ ᠨᠡᠪᠳᠡᠷᠡᠬᠦᠯᠬᠦ︾ ᠢᠨᠵᠧᠨᠧᠷᠢᠩ ᠤᠨ ᠠᠰᠢᠭ ᠲᠤᠰᠠ ᠶᠢ ᠮᠠᠯᠵᠢᠬᠤ ᠤᠷᠤᠨ ᠳᠤ ᠦᠨᠡᠨᠬᠦ ᠬᠦᠷᠲᠡᠭᠡᠨ᠎ᠡ᠃ ᠤᠳᠠᠰᠤᠳᠤ ᠲᠧᠯᠸᠢᠰ ᠪᠤᠯᠤᠨ ᠦᠷᠭᠡᠨ ᠪᠦᠰᠡ ᠶᠢᠨ ᠰᠦᠯᠵᠢᠶ᠎ᠡ ᠨᠢ ᠶᠠᠷᠢᠶ᠎ᠠ ᠬᠡᠯᠡᠯᠴᠡᠭᠡ ᠰᠤᠷᠲᠠᠯ ᠤᠬᠠᠭᠤᠯᠭ᠎ᠠ᠂ ᠰᠤᠷᠭᠠᠨ ᠬᠦᠮᠦᠵᠢᠬᠦᠯᠦᠯᠲᠡ ᠵᠢᠭᠠᠨ ᠵᠢᠯᠤᠭᠤᠳᠬᠤ᠂ ᠰᠤᠶᠤᠯ ᠤᠨ ᠵᠠᠭᠤᠴᠢᠯᠠᠭᠤᠯᠤᠯᠲᠠ ᠪᠤᠯᠤᠨ ᠰᠤᠷᠠᠭ ᠵᠠᠩᠬᠢ ᠳᠠᠮᠵᠢᠭᠤᠯᠬᠤ ᠵᠡᠷᠭᠡ ᠴᠢᠳᠠᠪᠬᠢ ᠶᠢ ᠪᠦᠷᠢᠨᠰᠢᠬᠦᠯᠵᠤ᠂ ᠦᠷᠭᠡᠨ ᠤᠯᠠᠨ ᠮᠠᠯᠴᠢᠨ ᠲᠦᠮᠡᠨ ᠤ ᠤᠶᠤᠨ ᠤᠬᠠᠭᠠᠨ ᠤ ᠰᠤᠶᠤᠯ ᠤᠨ ᠬᠡᠷᠡᠭᠴᠡᠭᠡ ᠪᠤᠯᠤᠨ ᠰᠤᠷᠠᠭ ᠵᠠᠩᠬᠢ ᠶᠢ ᠬᠦᠯᠢᠶᠠᠨ ᠠᠪᠬᠤ ᠱᠠᠭᠠᠷᠳᠠᠯᠭ᠎ᠠ ᠶᠢ ᠬᠠᠩᠭᠠᠵᠤ᠂ ᠡᠬᠦᠯᠠᠨ ᠪᠤᠳᠤᠯᠳᠠ᠂ ᠲᠤᠮᠤ ᠳ᠋ᠠᠶᠢᠲ᠋ᠠ᠂ ᠲᠤᠤᠷ ᠰᠦᠯᠵᠢᠶ᠎ᠠ + ᠵᠡᠷᠭᠡ ᠰᠤᠷᠠᠭ ᠵᠠᠩᠬᠢ ᠶᠢᠨ ᠠᠵᠤ ᠦᠢᠯᠡᠰ ᠤᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠂ ᠮᠠᠯᠵᠢᠬᠤ ᠤᠷᠤᠨ ᠤ ᠰᠤᠷᠠᠭ ᠵᠠᠩᠬᠢ ᠶᠢᠨ ᠦᠨᠳᠦᠰᠦᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠨᠠᠭᠰᠢᠳᠠ ᠳᠡᠬᠦᠯᠳᠡᠷᠵᠢᠬᠦᠯᠵᠤ᠂ ᠰᠤᠷᠠᠭ ᠵᠠᠩᠬᠢᠵᠢᠯᠠᠯᠲᠠ ᠶᠢᠨ ᠲᠤᠯᠭᠠᠭᠤᠷᠢᠯᠠᠯ ᠪᠤᠯᠤᠨ ᠦᠢᠯᠡᠴᠢᠯᠡᠬᠡᠨ ᠤ ᠴᠢᠳᠠᠪᠬᠢ ᠶᠢ ᠪᠦᠬᠦ ᠳᠠᠯ᠎ᠠ ᠪᠠᠷ ᠳᠡᠭᠡᠭᠰᠢᠯᠡᠬᠦᠯᠬᠦ ᠪᠤᠯᠤᠨ᠎ᠠ᠃      ᠡᠨᠡᠬᠦ ᠢᠨᠵᠧᠨᠧᠷᠢᠩ ᠢ ᠬᠡᠷᠡᠭᠵᠢᠬᠦᠯᠦᠭᠰᠡᠨ ᠤ ᠳᠠᠷᠠᠭ᠎ᠠ᠂ ᠮᠠᠯᠵᠢᠬᠤ ᠤᠷᠤᠨ ᠤ ᠨᠤᠳᠤᠭ ᠪᠡᠯᠴᠢᠭᠡᠷ᠂ ᠬᠤᠨᠢ ᠦᠬᠡᠷ  ᠤᠨ ᠬᠤᠷᠤᠭ᠎ᠠ ᠬᠠᠰᠢᠶ᠎ᠠ᠂ ᠳᠠᠯ᠎ᠠ ᠨᠤᠳᠤᠭ ᠤᠨ ᠭᠠᠯ ᠰᠡᠷᠭᠡᠶᠢᠯᠡᠯᠳᠠ᠂ ᠬᠤᠯᠠᠭᠠᠶᠢᠴᠢ ᠶᠢ ᠰᠡᠷᠭᠡᠶᠢᠯᠡᠬᠦ ᠵᠡᠷᠭᠡ ᠮᠠᠯᠵᠢᠬᠤ ᠤᠷᠤᠨ ᠤ ᠦᠢᠯᠡᠳᠪᠦᠷᠢᠯᠠᠯ ᠠᠮᠢᠳᠤᠷᠠᠯ ᠢ ᠬᠢᠨᠠᠨ ᠡᠵᠡᠮᠳᠡᠵᠦ᠂ ᠮᠠᠯᠴᠢᠨ ᠲᠦᠮᠡᠨ ᠷᠠᠳᠢᠤ᠋ ᠲᠧᠯᠸᠢᠰ ᠤᠨ ᠫᠷᠦᠭᠷᠡᠮ ᠢ ᠬᠦᠯᠢᠶᠠᠨ ᠠᠪᠬᠤ ᠳᠤ ᠰᠠᠯᠬᠢ ᠪᠤᠷᠤᠭᠠᠨ ᠵᠡᠷᠭᠡ ᠪᠠᠶᠢᠭᠠᠯᠢ ᠶᠢᠨ ᠨᠦᠬᠦᠴᠡᠯ ᠳᠤ ᠬᠢᠵᠠᠭᠠᠷᠯᠠᠭᠳᠠᠬᠤ ᠦᠬᠡᠢ ᠪᠠᠷ ᠴᠠᠭ ᠲᠤᠬᠠᠢ  ᠲᠤᠨᠢ ᠬᠦᠯᠢᠶᠠᠨ ᠠᠪᠴᠤ᠂ ᠨᠠᠮ ᠲᠦᠷᠦ ᠶᠢᠨ ᠮᠠᠯᠵᠢᠬᠤ ᠤᠷᠤᠨ ᠳᠤ ᠬᠤᠯᠪᠤᠭᠳᠠᠭᠰᠠᠨ ᠡᠯ᠎ᠡ ᠵᠦᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠶᠢᠯᠠᠭᠠᠵᠤ ᠳᠡᠶᠢᠯᠬᠦ ᠪᠤᠯᠤᠨ᠎ᠠ᠃ ᠮᠠᠯᠴᠢᠳ ᠦᠷᠭᠡᠨ ᠪᠦᠰᠡ ᠶᠢᠨ ᠰᠦᠯᠵᠢᠶ᠎ᠠ ᠪᠤᠶᠤ WIFI ᠢ ᠠᠰᠢᠭᠯᠠᠨ᠂ ᠤᠯᠤᠰ ᠤᠨ ᠳᠤᠳᠤᠭᠠᠳᠤ ᠭᠠᠳᠠᠭᠠᠳᠤ ᠶᠢᠨ ᠮᠠᠯ ᠠᠵᠤ ᠠᠬᠤᠢ ᠶᠢᠨ ᠪᠦᠳᠦᠭᠡᠭᠳᠡᠬᠦᠨ ᠤ ᠵᠠᠬ᠎ᠠ ᠳᠡᠯᠭᠡᠬᠦᠷ ᠤᠨ ᠬᠦᠭᠵᠢᠯᠳᠠ ᠶᠢᠨ ᠪᠠᠶᠢᠳᠠᠯ ᠢ ᠤᠶᠢᠯᠠᠭᠠᠨ᠂ ᠠᠵᠤ ᠦᠢᠯᠡᠰ ᠤᠨ ᠬᠦᠭᠵᠢᠯᠳᠠ ᠶᠢᠨ ᠴᠢᠭᠯᠡᠯ ᠢᠶᠠᠨ ᠲᠤᠬᠢᠷᠠᠭᠤᠯᠵᠦ᠂ ᠵᠠᠬ᠎ᠠ ᠳᠡᠯᠭᠡᠬᠦᠷ ᠤᠨ ᠵᠢᠮ᠎ᠠ ᠶᠤᠰᠤᠨ ᠳᠤ ᠵᠤᠬᠢᠴᠠᠨ᠂ ᠡᠬᠦᠨ ᠤ ᠤᠯᠠᠮ ᠢᠶᠠᠷ ᠠᠵᠤ ᠠᠬᠤᠢ  ᠶᠢᠨ ᠤᠷᠤᠯᠭ᠎ᠠ ᠪᠠᠨ ᠨᠡᠮᠡᠭᠳᠡᠬᠦᠯᠵᠤ ᠪᠤᠯᠤᠨ᠎ᠠ᠃ ᠮᠠᠯᠴᠢᠨ ᠲᠦᠮᠡᠨ ᠪᠠᠰᠠ ᠤᠳᠠᠰᠤ ᠦᠬᠡᠢ ᠨᠢᠭᠤᠷᠳᠠᠨ ᠶᠠᠷᠢᠯᠴᠠᠬᠤ ᠤᠳᠠᠰᠤ ᠪᠠᠷ ᠠᠯᠤᠰ ᠬᠤᠯᠠ ᠶᠢᠨ ᠰᠠᠳᠤᠨ ᠲᠦᠷᠦᠯ ᠲᠠᠢ ᠪᠠᠨ ᠵᠤᠭᠤᠭᠳᠠᠨ ᠶᠠᠷᠢᠯᠴᠠᠵᠤ ᠪᠤᠯᠤᠨ᠎ᠠ᠃     ︽ᠭᠡᠷᠡᠯᠯᠢᠭ ᠰᠦᠯᠵᠢᠶ᠎ᠠ ᠶᠢ ᠭᠠᠴᠠᠭ᠎ᠠ ᠪᠤᠯᠭᠠᠨ ᠳᠤ ᠨᠡᠪᠳᠡᠷᠡᠬᠦᠯᠵᠤ᠂ ᠤᠳᠠᠰᠤᠳᠤ ᠲᠧᠯᠸᠢᠰ ᠢ ᠡᠷᠦᠬᠡ ᠪᠦᠬᠦᠨ ᠳᠤ ᠨᠡᠪᠳᠡᠷᠡᠬᠦᠯᠬᠦ︾ ᠢᠨᠵᠧᠨᠧᠷᠢᠩ ᠤᠨ ᠠᠵᠢᠯ ᠡᠬᠢᠯᠠᠨ ᠶᠠᠪᠤᠭᠳᠠᠬᠤ ᠦᠶᠡᠰ᠂ ᠦᠷᠭᠡᠨ ᠤᠯᠠᠨ ᠮᠠᠯᠴᠢᠨ ᠲᠦᠮᠡᠨ ᠮᠠᠨᠢ ᠬᠠᠯᠠᠭᠤᠨ ᠳᠡᠮᠵᠢᠯᠭᠡ ᠦᠭᠴᠤ᠂ ᠪᠠᠷᠢᠯᠭ᠎ᠠ ᠶᠢᠨ ᠠᠵᠢᠯ ᠳᠤ ᠢᠳᠡᠪᠬᠢᠳᠠᠢ ᠬᠠᠮᠵᠢᠯᠴᠠᠬᠤ ᠶᠢ ᠬᠦᠰᠡᠨ ᠨᠠᠶᠢᠳᠠᠵᠤ ᠪᠠᠶᠢᠨ᠎ᠠ᠃ ᠮᠦᠨᠴᠤ ᠮᠠᠯᠴᠢᠨ ᠲᠦᠮᠡᠨ ᠮᠢᠨᠢ ᠡᠨᠡᠬᠦ ᠢᠨᠵᠧᠨᠧᠷᠢᠩ ᠤᠨ ᠠᠵᠢᠯ ᠳᠤ ᠬᠢᠨᠠᠯᠳᠠ ᠳᠠᠯᠪᠢᠵᠤ᠂ ᠱᠠᠭᠠᠷᠳᠠᠯᠭ᠎ᠠ ᠳᠤ ᠨᠡᠶᠢᠴᠡᠬᠦ ᠦᠬᠡᠢ ᠵᠦᠢᠯᠡᠰ ᠪᠠᠶᠢᠪᠠᠯ ᠳᠠᠷᠤᠶᠢᠬᠠᠨ ᠵᠠᠰᠠᠨ ᠵᠠᠯᠠᠷᠠᠭᠤᠯᠬᠤ ᠶᠢ ᠨᠠᠶᠢᠳᠠᠵᠤ ᠪᠠᠶᠢᠨ᠎ᠠ᠃ ᠪᠢᠳᠠ ᠬᠠᠮᠳᠤᠪᠠᠷ ᠨᠠᠮ ᠲᠦᠷᠦ ᠶᠢᠨ ᠠᠷᠠᠳ ᠢᠶᠠᠨ ᠪᠠᠶᠠᠵᠢᠭᠤᠯᠬᠤ ᠲᠦᠷᠦ ᠶᠢᠨ ᠪᠤᠳᠤᠯᠭ᠎ᠠ ᠪᠤᠯᠤᠨ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠤᠨ ᠠᠵᠢᠯ  ᠤᠨ ᠡᠬᠦᠷᠭᠡ ᠪᠠᠨ ᠲᠤᠭᠳᠠᠭᠰᠠᠨ ᠴᠠᠭ ᠳᠠᠭᠠᠨ ᠴᠢᠨᠠᠷ ᠴᠢᠨᠰᠠᠭ᠎ᠠ ᠲᠠᠢ ᠪᠠᠶᠡᠯᠡᠬᠦᠯᠬᠦ ᠶᠢ ᠪᠠᠳᠤᠯᠠᠵᠤ᠂ ᠮᠠᠯᠵᠢᠬᠤ ᠤᠷᠤᠨ ᠤ ᠴᠢᠨᠡᠭᠡᠯᠢᠭ ᠠᠮᠢᠳᠤᠷᠠᠯ ᠢᠶᠠᠨ ᠪᠦᠬᠦ ᠲᠠᠯ᠎ᠠ ᠪᠠᠷ ᠪᠠᠶᠢᠭᠤᠯᠤᠨ᠂ ︽ᠪᠤᠳᠠᠳᠣ ᠬᠦᠴᠦᠨ ᠲᠠᠢ ᠵᠡᠭᠦᠨ ᠰᠦᠨᠢᠳ᠂ ᠪᠤᠬᠢᠷᠳᠣᠯ ᠦᠬᠡᠢ ᠵᠡᠭᠦᠨ ᠰᠦᠨᠢᠳ᠂ ᠰᠡᠳᠬᠢᠯ ᠳᠠᠳᠠᠮ᠎ᠠ ᠵᠡᠭᠦᠨ ᠰᠦᠨᠢᠳ᠂ ᠵᠤᠯ ᠵᠢᠷᠭᠠᠯᠳᠣ  ᠵᠡᠭᠦᠨ ᠰᠦᠨᠢᠳ︾ ᠢ ᠪᠦᠳᠦᠭᠡᠨ ᠪᠠᠶᠢᠭᠤᠯᠤᠶ᠎ᠠ︕      ᠬᠠᠮᠤᠭ ᠰᠠᠬᠦᠯ ᠳᠤ᠂ ᠨᠤᠲᠤᠭ ᠤᠨ ᠮᠢᠨᠢ ᠡᠬᠦᠯᠡᠰ ᠴᠡᠩᠬᠡᠷ ᠢᠶᠠᠷ ᠢᠶᠠᠨ ᠪᠠᠶᠢᠵᠦ᠂ ᠬᠦᠷᠦᠰᠦ ᠨᠤᠭᠤᠭᠠᠨ ᠢᠶᠠᠷ ᠪᠢᠯᠬᠠᠨ᠂ ᠢᠷᠭᠡᠨ ᠲᠦᠮᠡᠨ ᠡᠩᠬᠡ ᠠᠮᠤᠭᠤᠯᠠᠩ ᠡᠬᠦᠷᠢᠳᠡ ᠵᠢᠷᠭᠠᠯᠲᠠᠢ ᠪᠠᠶᠢᠭᠠᠰᠠᠢ︕                                  ᠵᠡᠭᠦᠨ ᠰᠦᠨᠢᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ                                         ᠬᠤᠶᠠᠷ ᠮᠢᠩᠭ᠎ᠠ ᠠᠷᠪᠠᠨ ᠨᠠᠢᠮᠠᠨ ᠤᠨ ᠤ                                         ᠭᠤᠷᠪᠠᠨ ᠰᠠᠷᠠᠶᠢᠨ ᠬᠤᠷᠢᠨ ᠳᠤᠯᠤᠭᠠᠨ ᠤ ᠡᠳᠦᠷ
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号