ᠰᠦᠨᠢᠳ ᠵᠡᠭᠦᠨ  ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ  ᠪᠦᠲᠦᠮᠵᠢᠲᠠᠢ ᠠᠷᠭ᠎ᠠ ᠪᠠᠷᠢᠯ ᠎ ᠢᠶᠠᠷ ᠰᠠᠭᠤᠭᠠᠯᠢ ᠠᠷᠠᠳ ᠤᠨ ᠭᠡᠷᠡᠴᠢ ᠦᠨᠡᠮᠯᠡᠯ ᠭᠦᠢᠴᠡᠳᠬᠡᠬᠦ ᠎ ᠳᠤ ᠲᠦᠭᠦᠮ ᠨᠦᠬᠦᠴᠡᠯ ᠪᠦᠷᠢᠳᠦᠭᠦᠯᠦᠨ  ᠥᠭᠬᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2018/7/17
           ᠰᠦᠨᠢᠳ ᠵᠡᠭᠦᠨ  ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ  ᠪᠦᠲᠦᠮᠵᠢᠲᠠᠢ            ᠠᠷᠭ᠎ᠠ ᠪᠠᠷᠢᠯ  ᠎ ᠢᠶᠠᠷ ᠰᠠᠭᠤᠭᠠᠯᠢ ᠠᠷᠠᠳ ᠤᠨ ᠭᠡᠷᠡᠴᠢ ᠦᠨᠡᠮᠯᠡᠯ ᠭᠦᠢᠴᠡᠳᠬᠡᠬᠦ  ᠎ ᠳᠤ ᠲᠦᠭᠦᠮ            ᠨᠦᠬᠦᠴᠡᠯ ᠪᠦᠷᠢᠳᠦᠭᠦᠯᠦᠨ  ᠥᠭᠬᠦᠭᠰᠡᠨ ᠪᠠᠶᠢᠨ᠎ᠠ                  ᠰᠦᠨᠢᠳ ᠵᠡᠭᠦᠨ  ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ  ︿ᠡᠷᠬᠡ ᠪᠤᠯᠤᠨ  ᠬᠠᠮᠢᠶᠠᠷᠤᠯᠲᠠ ᠶᠢ  ᠴᠤᠮᠬᠤᠳᠬᠠᠨ ᠦᠢᠯᠡᠴᠢᠯᠡᠯᠭᠡ ᠶᠢ  ᠰᠢᠯᠢᠳᠡᠭᠵᠢᠭᠦᠯᠬᠦ﹀ ᠲᠦᠷᠢᠮ ᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ  ᠂ ᠰᠠᠭᠤᠭᠠᠯᠢ ᠠᠷᠠᠳ ᠤᠨ ᠪᠡᠶ᠎ᠡ ᠶᠢᠨ ᠭᠡᠷᠡᠴᠢ ᠦᠨᠡᠮᠯᠡᠯ ᠭᠦᠢᠴᠡᠳᠬᠡᠬᠦ  ᠎ ᠳᠤ  ᠲᠤᠭᠲᠠᠭᠰᠠᠨ ᠴᠠᠭ ᠤᠨ ᠬᠢᠵᠠᠭᠠᠷ ᠲᠠᠢ ᠪᠠᠶᠢᠭᠰᠠᠨ ᠪᠠᠶᠢᠳᠠᠯ ᠳᠤ ᠴᠢᠭᠯᠡᠭᠦᠯᠦᠨ ︿ᠢᠨᠲ᠋ᠧᠷ ᠰᠦᠯᠵᠢᠶ᠎ᠡ+  ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠯᠭᠡ﹀᠎ ᠤ ᠪᠠᠶᠢᠭᠤᠯᠤᠯᠲᠠ ᠵᠡᠷᠭᠡ ᠠᠷᠠᠳ ᠳᠤ ᠲᠦᠭᠦᠮ ᠦᠵᠡᠭᠦᠯᠬᠦ ᠠᠷᠭ᠎ᠠ ᠪᠠᠷᠢᠯ  ᠢ ᠬᠡᠷᠡᠭᠵᠢᠭᠦᠯᠦᠨ᠂ ᠰᠠᠭᠤᠭᠠᠯᠢ ᠠᠷᠠᠳ ᠤᠨ ᠭᠡᠷᠡᠴᠢ ᠦᠨᠡᠮᠯᠡᠯ ᠎ ᠢ ᠭᠦᠢᠴᠡᠳᠬᠡᠬᠦ ᠲᠤᠨᠤᠭ ᠲᠦᠭᠦᠭᠡᠷᠦᠮᠵᠢ ᠶᠢ  ᠬᠤᠳᠠᠯᠳᠤᠨ ᠤᠷᠤᠭᠤᠯᠵᠦ᠂   ᠠᠵᠢᠯᠲᠠᠳ ᠳ᠋ᠠᠭᠠᠨ‌‍ᠲ᠋ᠤᠰᠬᠠᠢ ᠪᠤᠯᠪᠠᠰᠤᠷᠠᠯ ᠬᠦᠷᠲᠡᠭᠡᠨ᠂ ᠰᠠᠭᠤᠭᠠᠯᠢ ᠠᠷᠠᠳ ᠤᠨ ᠭᠡᠷᠡᠴᠢ ᠦᠨᠡᠮᠯᠡᠯ ᠡᠷᠡᠮᠵᠢᠯᠡᠬᠦ ᠠᠯᠬᠤᠮ  ᠳᠠᠷᠠᠭ᠎ᠠ ᠳᠤ ᠦᠭᠡᠷᠡᠴᠢᠯᠯᠡᠲᠡ ᠬᠢᠭᠰᠡᠨ ᠰᠠᠭᠤᠷᠢᠨ ᠲᠡᠭᠡᠷ᠎ᠡ ᠲᠡᠳᠡᠨ ᠤ ᠭᠡᠷᠡᠴᠢ ᠦᠨᠡᠮᠯᠡᠯ ᠡᠷᠡᠮᠵᠢᠯᠡᠬᠦ ᠴᠠᠭ ᠬᠤᠭᠤᠴᠠᠭ᠎ᠠ ᠶᠢ ᠪᠠᠭᠠᠰᠬᠠᠨ ᠲᠦᠭᠦᠮ  ᠦᠵᠡᠭᠦᠯᠵᠦ  ᠪᠠᠶᠢᠨ᠎ᠠ᠃         ᠤᠬᠤᠷ ᠬᠤᠭᠤᠴᠠᠭᠠᠨ ᠳᠤ ᠤᠯᠠᠨ ᠲᠦᠮᠡᠨ ᠤ ᠡᠷᠡᠮᠵᠢᠯᠡᠭᠰᠡᠨ ᠰᠠᠭᠤᠭᠠᠯᠢ ᠠᠷᠠᠳ ᠤᠨ ᠭᠡᠷᠡᠴᠢ ᠦᠨᠡᠮᠡᠯ  ᠎ ᠶᠢ  ᠭᠦᠢᠴᠡᠳᠬᠡᠨ ᠦᠭᠭᠦ  ᠦᠢᠯᠡᠴᠢᠯᠯᠡᠭᠡ ᠶᠢ ᠪᠡᠶᠡᠯᠡᠭᠦᠯᠬᠦ ᠪᠤᠯ ᠦᠪᠡᠷᠲᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠲᠠᠩᠬᠢᠮ ᠤᠨ ᠤᠯᠠᠨ ᠲᠦᠮᠡᠨ ᠤ  ᠬᠦᠰᠡᠯ ᠱᠠᠭᠠᠷᠳᠠᠯᠭ᠎ᠠ ᠳᠤ ᠲᠤᠰᠬᠠᠠᠭᠰᠠᠨ ᠰᠢᠨ᠎ᠡ ᠬᠤᠪᠢᠷᠠᠯᠲᠠ ᠪᠠᠶᠢᠵᠦ᠂ ᠡᠷᠦᠬᠡ ᠠᠮᠠ ᠶᠢᠨ ᠲᠦᠷᠢᠮ ᠤᠨ ᠦᠭᠡᠷᠡᠴᠢᠯᠡᠯᠲᠡ  ᠎ ᠶᠢ ᠲᠦᠯᠬᠢᠨ ᠠᠬᠢᠭᠤᠯᠬᠤ᠂ ᠴᠡᠷᠢᠭ ᠠᠷᠠᠳ ᠤᠨ ᠬᠠᠷᠢᠴᠠᠭ᠎ᠠ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ  ᠪᠤᠯᠬᠤ ᠮᠦᠷᠲᠡᠭᠡᠨ ᠲᠤᠳᠤᠭᠠᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠤᠬᠢ ᠰᠠᠶᠢᠨ ᠲᠦᠷᠢ ᠲᠦᠷᠬᠦ ᠶᠢ ᠪᠠᠲᠤᠳᠬᠠᠨ᠂ ᠤᠯᠠᠨ ᠲᠦᠮᠡᠨ ᠤ ᠲᠤᠳᠤᠭᠠᠳᠤ ᠶᠢ ᠬᠠᠮᠠᠭᠠᠯᠠᠬᠤ ᠠᠵᠢᠯ ᠤᠨ  ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠬᠦ ᠳᠤ ᠠᠯᠤᠰ ᠬᠡᠲᠤ ᠶᠢᠨ ᠠᠴᠢ ᠬᠤᠯᠪᠤᠭᠳᠠᠯ  ᠎ ᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号