ᠦᠨᠳᠦᠰᠦᠨ ᠱᠠᠲᠤᠨ ᠤ ᠨᠠᠮ ᠤᠨ ᠰᠠᠶᠢᠨ ᠺᠠᠳ᠋ᠷ ᠤᠯᠠᠭᠠᠨᠴᠡᠴᠡᠭ   ︿ᠨᠢᠭᠡᠳᠦᠭᠡᠷ ᠱᠦᠵᠢ﹀᠎ ᠶᠢᠨ ᠡᠭᠦᠷᠭᠡ ᠲᠤᠰᠢᠶᠠᠯ ᠎ ᠢᠶᠠᠨ  ᠨᠠᠷᠢᠨ ᠬᠢᠨᠠᠮᠠᠭᠠᠢ  ᠬᠥᠢᠴᠡᠳᠬᠡᠵᠣ  ᠶᠠᠪᠤᠨ᠎ᠠ
ᠨᠡᠶᠢᠲᠡᠯᠡᠭᠰᠡᠨ ᠴᠠᠭ᠄
2018/7/17
           ᠦᠨᠳᠦᠰᠦᠨ ᠱᠠᠲᠤᠨ ᠤ ᠨᠠᠮ ᠤᠨ ᠰᠠᠶᠢᠨ ᠺᠠᠳ᠋ᠷ ᠤᠯᠠᠭᠠᠨᠴᠡᠴᠡᠭ              ︿ᠨᠢᠭᠡᠳᠦᠭᠡᠷ ᠱᠦᠵᠢ﹀᠎ ᠶᠢᠨ ᠡᠭᠦᠷᠭᠡ ᠲᠤᠰᠢᠶᠠᠯ  ᠎ ᠢᠶᠠᠨ  ᠨᠠᠷᠢᠨ ᠬᠢᠨᠠᠮᠠᠭᠠᠢ             ᠬᠥᠢᠴᠡᠳᠬᠡᠵᠣ  ᠶᠠᠪᠤᠨ᠎ᠠ               ᠰᠦᠨᠢᠳ ᠵᠡᠭᠦᠨ ᠬᠤᠰᠢᠭᠤᠨ ᠤ  ᠡᠮᠡᠩᠲᠠᠶᠢᠴᠤᠳ ᠤᠨ ᠬᠤᠯᠪᠤᠭᠠᠲᠤ ᠬᠤᠷᠠᠯ ᠤᠨ ᠲᠡᠳ᠋ ᠲᠡᠷᠢᠭᠦᠯᠦᠭᠴᠢ ᠤᠯᠠᠭᠠᠨᠴᠡᠴᠡᠭ  ᠪᠤᠯ ᠮᠠᠨᠳᠠᠯᠲᠤ ᠪᠠᠯᠭᠠᠰᠤᠨ ᠤ ᠲᠠᠷᠬᠠᠨᠰᠢᠯᠢ ᠭᠠᠴᠠᠭᠠᠨ ᠤ  ︿ᠨᠢᠭᠡᠳᠦᠭᠡᠷ ᠱᠦᠵᠢ﹀ ᠪᠤᠯᠤᠨ᠎ᠠ᠃  ᠲᠡᠷᠡ 2017 ᠤᠨ ᠤ 11 ᠳ᠋ᠤᠭᠠᠷ ᠰᠠᠷ᠎ᠠ ᠶᠢᠨ ᠰᠡᠭᠦᠯᠴᠢ ᠳᠤ ︿ᠨᠢᠭᠡᠳᠦᠭᠡᠷ ᠱᠦᠵᠢ﹀᠎ ᠶᠢᠨ ᠲᠤᠰᠢᠶᠠᠯ ᠳᠤ ᠲᠤᠮᠢᠯᠠᠭᠳᠠᠭᠰᠠᠨ ᠠᠴᠠ ᠨᠠᠰᠢ ᠭᠠᠴᠠᠭᠠᠨ ᠤ ︿ᠶᠠᠳᠠᠭᠤ ᠠᠴᠠ  ᠠᠩᠭᠢᠵᠢᠷᠠᠭᠤᠯᠬᠤ ᠲᠠᠶᠢᠯᠠᠯᠳᠤᠭᠠᠨ﹀᠎ ᠤ ᠡᠯ᠎ᠡ ᠲᠦᠷᠦᠯ ᠤᠨ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ  ᠂ ᠤᠯᠠᠨ ᠲᠦᠮᠡᠨ ᠤ  ᠬᠦᠴᠢᠷᠳᠡᠯ ᠢ ᠦᠨᠡᠨᠬᠦ ᠰᠢᠢᠳᠪᠤᠷᠢᠯᠡᠨ ᠦᠭᠴᠦ᠂ ᠪᠤᠳᠠᠳᠤ ᠦᠢᠯᠡ ᠠᠵᠢᠯᠠᠯᠭ᠎ᠠ ᠪᠠᠷ ᠢᠶᠠᠨ ᠨᠠᠮ ᠤᠨ ᠬᠡᠰᠢᠭᠦᠨ ᠺᠠᠲᠠᠷ ᠤᠨ ᠵᠢᠱᠢᠶᠡᠴᠢ ᠲᠠᠭᠠᠭᠤᠯᠤᠭᠴᠢ ᠶᠢᠨ ᠦᠢᠯᠡᠳᠦᠯ  ᠎ ᠪᠠᠨ ᠪᠠᠳᠠᠷᠠᠭᠤᠯᠵᠤ ᠶᠠᠪᠤᠨ᠎ᠠ᠃         ᠦᠨᠦ ᠵᠢᠯ 65 ᠨᠠᠰᠤ ᠲᠠᠢ ᠵᠢᠷᠤᠮᠲᠤ ᠪᠤᠯ  ᠲᠠᠷᠬᠠᠨᠰᠢᠯᠢ ᠭᠠᠴᠠᠭᠠᠨ ᠤ  ᠭᠠᠮᠰᠢᠭ ᠠᠴᠠ ᠪᠤᠯᠵᠤ ᠶᠠᠳᠠᠭᠤᠷᠠᠭᠰᠠᠨ ᠮᠠᠯᠴᠢᠨ ᠡᠷᠦᠬᠡ ᠪᠠᠶᠢᠵᠦ 2014 ᠤᠨ ᠳᠤ  ᠶᠠᠳᠠᠭᠤ ᠡᠷᠦᠬᠡ ᠶᠢᠨ ᠲᠠᠩᠰᠠᠨ ᠳᠤ ᠤᠷᠤᠵᠤ2016 ᠤᠨ ᠳᠤ ᠶᠠᠳᠠᠭᠤ ᠠᠴᠠ ᠠᠩᠭᠢᠵᠢᠷᠠᠵᠠᠢ᠃  ᠤᠯᠠᠭᠠᠨᠴᠡᠴᠡᠭ ᠲᠠᠷᠬᠠᠨᠰᠢᠯᠢ ᠭᠠᠴᠠᠭᠠᠨ ᠤ ︿ᠨᠢᠭᠡᠳᠦᠭᠡᠷ ᠱᠦᠵᠢ﹀᠎ ᠶᠢᠨ ᠲᠤᠰᠢᠶᠠᠯ﹀᠎ ᠢ ᠡᠭᠦᠷᠭᠡᠯᠡᠭᠰᠡᠨ ᠠᠴᠠ ᠨᠠᠰᠢ ᠦᠷᠭᠦᠯᠵᠢ ᠶᠢᠨ ᠴᠢᠨᠠᠷ ᠲᠠᠢ ᠡᠳᠡᠨ ᠤ ᠬᠢᠨ ᠎ ᠳᠤ  ᠬᠦᠷᠴᠦ᠂ ᠮᠠᠯᠵᠢᠬᠤ ᠦᠢᠯᠡᠳᠪᠤᠷᠢᠯᠡᠯ ᠠᠮᠢᠳᠤᠷᠠᠯ ᠎  ᠪᠤᠯᠤᠨ  ᠲᠤᠯᠭᠠᠷᠠᠵᠤ ᠪᠠᠶᠢᠭ᠎ᠠ ᠬᠦᠴᠢᠷᠳᠡᠯ ᠢ ᠠᠰᠠᠭᠤᠨ ᠤᠶᠢᠯᠠᠭᠠᠵᠤ  ᠂ ᠥᠩᠬᠡᠷᠡᠬᠦ ᠵᠢᠯ ᠤᠯᠤᠰ ᠤᠨ ᠲᠦᠷᠦᠯ ᠵᠦᠢᠯ ᠪᠠᠷ ᠮᠠᠯ ᠤᠨ ᠫᠧᠩ ᠬᠤᠷᠤᠭ᠎ᠠ  ᠤᠯᠭᠤᠵᠤ ᠦᠭᠭᠦᠭᠰᠡᠨ ᠤ ᠬᠠᠮᠲᠤ ᠡᠨᠡ ᠵᠢᠯ ᠲᠠᠬᠢᠨ10 ᠲᠤᠤᠷ ᠬᠦᠷᠢᠶ᠎ᠡ ᠪᠠ ᠮᠠᠰᠢᠨ ᠬᠤᠳᠳᠤᠭ  ᠂ ᠠᠷᠠᠳ ᠤᠨ ᠶᠠᠪᠤᠳᠠᠯ ᠤᠨ ᠲᠤᠪᠴᠢᠶᠠᠨ ᠠᠴᠠ1400 ᠲᠦᠭᠦᠷᠢᠭ ᠤᠨ ᠲᠦᠷ ᠴᠠᠭ ᠤᠨ ᠲᠤᠰᠠᠯᠠᠮᠵᠢ ᠶᠢᠨ ᠮᠦᠩᠭᠦ ᠡᠷᠡᠮᠡᠯᠵᠢᠯᠡᠨ ᠦᠭᠴᠦ ᠵᠢᠷᠤᠮᠳᠤ ᠶᠢᠨ ᠦᠢᠯᠡᠳᠪᠤᠷᠢᠯᠡᠯ  ᠠᠮᠢᠳᠤᠷᠠᠯ ᠤᠨ ᠬᠢᠨ ᠬᠢᠷᠢ ᠲᠦᠪᠰᠢᠨ ᠢ ᠤᠯᠠᠮ   ᠲᠡᠭᠡᠭᠰᠢᠯᠡᠭᠦᠯᠵᠠᠢ᠃  ᠦᠨᠦᠳᠦᠷ ᠤᠯᠠᠭᠠᠨᠴᠡᠴᠡᠭ   ᠵᠤᠷᠰᠢᠯ ᠶᠤᠰᠤᠭᠠᠷ ᠵᠢᠷᠤᠮᠲᠤ ᠶᠢᠨ ᠬᠢᠨ ᠳᠤ ᠬᠦᠷᠴᠤ  ᠦᠢᠯᠡᠳᠪᠤᠷᠢᠯᠡᠯ ᠠᠮᠢᠳᠤᠷᠠᠯ ᠢ ᠨᠢ ᠠᠰᠠᠭᠤᠨ ᠲᠤᠬᠤᠨᠢᠭᠤᠯᠬᠤ ᠶᠢᠨ ᠬᠠᠮᠲᠤ  ᠨᠢᠳᠤᠨ ᠡᠮᠤᠨ᠎ᠡ ᠲᠤᠯᠭᠠᠷᠠᠵᠤ ᠪᠠᠶᠢᠭᠰᠠᠨ ᠲᠤᠤᠷ ᠬᠦᠷᠢᠶᠡᠨ ᠤ ᠲᠦᠷᠦᠯ ᠵᠦᠢᠯ ᠤᠨ ᠦᠪᠡᠷᠲᠡᠭᠡᠨ ᠭᠠᠷᠭᠠᠬᠤ 2000 ᠲᠦᠭᠦᠷᠢᠭ ᠤᠨ ᠠᠰᠠᠭᠤᠳᠠᠯ ᠢ  ᠎ ᠨᠢ ᠠᠵᠦ ᠠᠬᠤᠶᠢᠯᠠᠯ ᠲᠠᠢ ᠬᠠᠷᠢᠴᠠᠨ ᠰᠢᠢᠳᠪᠤᠷᠢᠯᠡᠨ ᠦᠭᠭᠦᠭᠰᠡᠨ ᠰᠠᠶᠢᠨ ᠴᠢᠮᠡᠭᠡ ᠪᠠᠨ  ᠰᠤᠨᠤᠰᠬᠠᠯ᠎ᠠ᠃        ᠤᠯᠠᠭᠠᠨᠴᠡᠴᠡᠭ ︿ᠨᠢᠭᠡᠳᠦᠭᠡᠷ ᠱᠦᠵᠢ﹀᠎ ᠪᠠᠷ ᠠᠵᠢᠯᠯᠠᠭᠰᠠᠨ ᠠᠴᠠ ᠨᠠᠰᠢ ᠬᠠᠮᠢᠶ᠎ᠠ ᠪᠦᠬᠦᠢ ᠰᠠᠯᠠᠭ᠎ᠠ ᠮᠦᠴᠢᠷ  ᠎ ᠲᠠᠢ ᠢᠳᠡᠪᠬᠢᠲᠠᠢ ᠬᠠᠷᠢᠴᠠᠵᠦ ᠤᠷᠢᠳ ᠬᠤᠵᠢᠳ ᠨᠢᠭᠡ  ᠬᠦᠴᠢᠷᠳᠡᠯᠲᠠᠢ ᠡᠷᠦᠬᠡ ᠶᠢᠨ ᠤᠷᠤᠨ  ᠰᠠᠭᠤᠴᠠ ᠶᠢ ᠰᠢᠢᠳᠪᠤᠷᠢᠯᠡᠨ ᠦᠭᠴᠦ᠂ ᠭᠤᠷᠪᠠᠨ ᠬᠦᠴᠢᠷᠳᠡᠯᠲᠠᠢ ᠮᠠᠯᠴᠢᠨ ᠡᠷᠦᠬᠡ ᠳᠤ ᠲᠤᠰᠪᠤᠷᠢ45 ᠲᠤᠯᠤᠭᠠᠢ ᠰᠠᠭᠤᠷᠢ ᠡᠬᠡ ᠮᠠᠯ ᠤᠯᠭᠤᠨ᠂ ᠨᠢᠭᠡ ᠨᠡᠭᠦᠨ ᠰᠢᠯᠵᠢᠭᠰᠡᠨ ᠡᠷᠦᠬᠡ ᠳᠤ ᠬᠢᠮᠳᠠ ᠲᠦᠷᠢᠶᠡᠰᠦᠨ ᠤᠷᠤᠨ ᠰᠠᠭᠤᠴᠠ ᠤᠯᠭᠤᠨ ᠦᠭᠴᠡᠢ᠃  ᠠᠶᠢᠠᠮᠭ ‍ᠤᠨ‌ᠡᠮᠡᠩᠲᠠᠶᠢᠴᠤᠳ ᠤᠨ ᠬᠤᠯᠪᠤᠭᠠᠲᠤ ᠬᠤᠷᠠᠯ ᠤᠨ ᠬᠦᠴᠢᠷᠳᠡᠯᠲᠠᠢ ᠡᠮᠡᠩᠲᠠᠶᠢᠴᠤᠳ ᠎ ᠢ ᠠᠪᠤᠷᠠᠨ ᠲᠤᠰᠠᠯᠠᠬᠤ ᠪᠡᠯᠡ ᠮᠦᠩᠭᠦ2000 ᠲᠦᠭᠦᠷᠢᠭ ᠢ ᠢᠳᠡᠪᠬᠢᠲᠠᠢ  ᠡᠷᠡᠮᠵᠢᠯᠡᠨ ᠤᠯᠵᠦ᠂ 2 ᠨᠡᠷ᠎ᠡ  ᠶᠠᠳᠠᠭᠤ ᠬᠦᠴᠢᠷᠳᠡᠯ ᠲᠠᠢ ᠡᠮᠡᠩᠲᠠᠢ ᠶᠢ ᠲᠤᠰᠪᠤᠷᠢ1000 ᠲᠦᠭᠦᠷᠢᠭ ᠪᠠᠷ ᠲᠤᠰᠠᠯᠠᠨ ᠲᠡᠮᠵᠢᠭᠰᠡᠨ ᠪᠠᠶᠢᠨ᠎ᠠ᠃   ᠲᠤᠰ ᠭᠠᠴᠠᠭᠠᠨ ᠤ ᠮᠠᠯᠴᠢᠨ  ᠡᠯᠪᠡᠭᠪᠠᠶᠠᠷ ᠭᠡᠨᠡᠳᠲᠡ ᠶᠢᠨ ᠰᠢᠷᠬᠠᠳᠤᠯ ᠠᠴᠠ ᠪᠤᠯᠤᠭᠠᠳ ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠡᠮᠴᠢᠯᠡᠭᠦᠯᠦᠨ ᠨᠡᠶᠢᠲᠡ ᠲᠦᠮᠡ ᠢᠯᠡᠭᠦᠤ ᠲᠦᠭᠦᠷᠢᠭ ᠤᠨ  ᠡᠮᠨᠡᠯᠭᠡ ᠶᠢᠨ ᠵᠠᠷᠤᠳᠠᠯ  ᠤᠷᠤᠭᠰᠠᠨ ᠪᠤᠯᠪᠠᠴᠤ ᠬᠠᠷᠢᠵᠦ ᠢᠷᠡᠭᠡᠳ ᠨᠡᠷ᠎ᠡ ᠨᠢ ᠪᠤᠷᠤᠭᠤ ᠠᠴᠠ  ᠪᠤᠯᠵᠤ ᠡᠨᠡᠬᠦ ᠵᠠᠷᠤᠳᠠᠯ ᠪᠠᠨ ᠲᠠᠩᠰᠠᠨ ᠠᠴᠠ ᠴᠠᠶᠢᠷᠠᠭᠤᠯᠵᠤ  ᠲᠡᠶᠢᠯᠡᠬᠦ ᠦᠭᠡᠢ  ᠪᠠᠶᠢᠵᠠᠢ᠃  ᠤᠯᠠᠭᠠᠨᠴᠡᠴᠡᠭ  ᠡᠨᠡᠬᠦ ᠪᠠᠶᠢᠳᠠᠯ ᠢ ᠤᠶᠢᠯᠭᠠᠵᠦ ᠮᠡᠳᠡᠭᠡᠳ  ᠬᠦᠬᠡᠬᠤᠲᠠ ᠳᠤ ᠬᠦᠷᠬᠦ ᠲᠠᠰᠢᠷᠠᠮ ᠪᠠᠷ ᠡᠮᠨᠡᠯᠭᠡ ᠶᠢᠨ   ᠬᠤᠷᠢᠶ᠎ᠠ ᠲᠠᠢ ᠬᠠᠷᠢᠴᠠᠨ᠂ ᠬᠠᠮᠢᠶ᠎ᠠ ᠪᠦᠬᠦᠢ ᠭᠠᠷ  ᠭᠦᠢᠴᠡᠳᠬᠡᠯ ᠢ ᠨᠢ ᠬᠢᠵᠦ ᠦᠭᠭᠦᠨ᠂ 4000 ᠲᠦᠭᠦᠷᠢᠭ ᠤᠨ ᠡᠮᠨᠡᠯᠭᠡ ᠶᠢᠨ ᠰᠦᠢᠳᠬᠡᠯ ᠢ ᠨᠢ  ᠲᠠᠩᠰᠠᠨ ᠠᠴᠠ ᠴᠠᠶᠢᠷᠠᠭᠤᠯᠤᠨ ᠦᠭᠭᠦᠭᠰᠡᠨ ᠤ ᠬᠠᠮᠲᠤ ᠲᠡᠳᠡᠨ ᠤ ᠬᠢᠨ ᠳᠤ ᠤᠷᠤᠨ ᠰᠠᠭᠤᠴᠠ᠂ ᠦᠬᠡᠷ ᠤᠨ ᠫᠧᠩ ᠂ ᠮᠠᠰᠢᠨ ᠬᠤᠳᠳᠤᠭ ᠵᠡᠷᠭᠡ ᠶᠠᠳᠠᠭᠤ ᠶᠢ ᠲᠡᠳᠬᠦᠬᠦ ᠲᠦᠷᠦᠯ ᠵᠦᠢᠯ ᠢ ᠤᠯᠭᠤᠨ ᠦᠢᠯᠡᠳᠪᠤᠷᠢᠯᠡᠯ ᠠᠮᠢᠳᠤᠷᠠᠯ ᠢ ᠨᠢ ᠲᠡᠮᠵᠢᠭᠰᠡᠨ ᠪᠠᠶᠢᠨ᠎ᠠ᠃                 ᠲᠠᠷᠬᠠᠨᠰᠢᠯᠢ ᠭᠠᠴᠠᠭ᠎ᠠ 107 ᠮᠠᠯᠴᠢᠨ ᠡᠷᠦᠬᠡ ᠶᠢᠨ357 ᠬᠦᠮᠦᠨ ᠠᠮᠠ ᠲᠠᠢ᠃ ᠡᠭᠦᠨ ᠳᠤ ᠪᠠᠶᠢᠩᠭᠤ ᠰᠠᠭᠤᠭ᠎ᠠ ᠬᠦᠮᠦᠨ ᠠᠮᠠ107 ᠡᠷᠦᠬᠡ ᠶᠢᠨ336 ᠬᠦᠮᠦᠨ ᠲᠠᠢ᠂ 2014 ᠤᠨ ᠳᠤ ᠲᠠᠩᠰᠠᠨ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠠᠢ 11 ᠡᠷᠦᠬᠡ ᠶᠢᠨ36 ᠬᠦᠮᠦᠨ ᠪᠠᠶᠢᠵᠦ᠂ 2017 ᠤᠨ ᠤ ᠰᠡᠭᠦᠯᠴᠢ ᠪᠤᠯᠬᠤ ᠳᠤ10 ᠡᠷᠦᠬᠡ ᠶᠢᠨ35 ᠬᠦᠮᠦᠨ ᠨᠢ ᠶᠠᠳᠠᠭᠤ ᠠᠴᠠ  ᠠᠩᠭᠢᠵᠢᠷᠠᠵᠠᠢ᠃ ᠤᠯᠠᠭᠠᠨᠴᠡᠴᠡᠭ ᠲᠤᠰ ᠭᠠᠴᠠᠭᠠᠨ ᠎ ᠤ ︿ᠨᠢᠭᠡᠳᠦᠭᠡᠷ ᠱᠦᠵᠢ﹀ ᠪᠤᠯᠤᠭᠰᠠᠨ  ᠎ ᠤ ᠰᠡᠭᠦᠯᠡᠷ ᠭᠠᠴᠠᠭᠠᠨ ᠤ ᠬᠤᠶᠠᠷ ᠵᠦᠪᠯᠡᠯ ᠪᠠᠷ ᠲᠠᠮᠵᠢᠵᠦ ᠭᠠᠴᠠᠭᠠᠨ ᠤ ᠪᠠᠶᠢᠳᠠᠯ ᠪᠤᠯᠤᠨ ᠶᠠᠳᠠᠭᠤ ᠬᠦᠴᠢᠷᠳᠡᠯᠲᠠᠢ ᠡᠷᠦᠬᠡ ᠶᠢᠨ ᠪᠠᠶᠢᠳᠠᠯ ᠢ ᠤᠶᠢᠯᠭᠠᠬᠤ ᠶᠢᠨ ᠬᠠᠮᠲᠤ  ᠮᠠᠯᠴᠢᠨ ᠡᠷᠦᠬᠡ ᠪᠠᠷ ᠭᠦᠨᠵᠡᠭᠡᠶᠢᠷᠡᠨ ᠡᠷᠦᠬᠡ ᠪᠦᠷᠢ ᠶᠢᠨ ᠪᠠᠶᠢᠳᠠᠯ ᠢ  ᠨᠠᠷᠢᠨ‌ᠠᠰᠠᠭᠤᠨ᠂ ᠨᠢᠮᠪᠠᠢ ᠲᠡᠮᠳᠡᠭᠯᠡᠵᠤ  ᠂ ᠡᠷᠦᠬᠡ ᠪᠦᠷᠢ ᠶᠢᠨ ᠪᠠᠶᠢᠳᠠᠯ ᠢ ᠮᠠᠰᠢ ᠨᠠᠷᠢᠨ  ᠤᠶᠢᠯᠭᠠᠳᠠᠭ᠂ ᠡᠭᠦᠨ  ᠎ ᠤ ᠰᠠᠭᠤᠷᠢ ᠲᠡᠭᠡᠷ᠎ᠡ ᠲᠡᠷᠡ ᠬᠠᠮᠢᠶ᠎ᠠ ᠪᠦᠬᠦᠢ ᠪᠠᠶᠢᠭᠤᠯᠤᠯᠭ᠎ᠠ  ᠨᠢᠭᠡᠴᠡ ᠲᠠᠢ ᠢᠳᠡᠪᠬᠢᠲᠠᠢ ᠬᠠᠷᠢᠴᠠᠵᠦ ᠮᠠᠯᠴᠢᠨ ᠲᠦᠮᠡᠨ ᠢ ᠬᠠᠪᠰᠤᠷᠠᠨ ᠦᠢᠯᠡᠳᠪᠤᠷᠢᠯᠡᠯ   ᠠᠮᠢᠳᠤᠷᠠᠯ ᠤᠨ ᠲᠤᠮᠳᠠᠬᠢ ᠪᠤᠳᠠᠳᠤ ᠬᠦᠴᠢᠷᠳᠡᠯ ᠢ ᠨᠢ ᠰᠢᠢᠳᠪᠤᠷᠢᠯᠡᠨ ᠦᠭᠴᠦ᠂ ᠲᠡᠳᠡᠨ ᠤ ᠢᠳᠡᠭᠡᠯ  ᠬᠦᠷᠢᠶᠡᠯᠡᠯ ᠢ  ᠤᠯᠵᠤ᠂ ᠨᠠᠮ ᠤᠨ ᠬᠡᠰᠢᠭᠦᠨ ᠺᠠᠲᠠᠷ ᠤᠨ ᠵᠢᠱᠢᠶᠡᠴᠢ ᠲᠠᠭᠠᠭᠤᠯᠤᠭᠴᠢ ᠶᠢᠨ ᠦᠢᠯᠡᠳᠦᠯ  ᠎ ᠪᠠᠨ ᠪᠠᠳᠠᠷᠠᠭᠤᠯᠵᠤ ᠶᠠᠪᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号