ᠰᠥᠨᠢᠳ ᠵᠡᠭᠦᠨ ᠬᠤᠰᠢᠭᠤᠨ ᠤ ᠮᠤᠩᠭᠤᠯ ᠥᠨᠳᠦᠰᠥᠲᠡᠨ ᠤ ᠬᠡᠥᠬᠡᠳ ᠤᠨ ᠴᠡᠴᠡᠷᠯᠢᠭ ᠤᠨ ᠠᠷᠠᠳ ᠤᠨ ᠬᠥᠭᠵᠢᠮ ᠤᠨ ᠪᠤᠯᠪᠠᠰᠤᠷᠠᠯ
ᠨᠡᠶᠢᠲᠡᠯᠡᠭᠰᠡᠨ ᠴᠠᠭ᠄
2019/10/17
       ᠰᠥᠨᠢᠳ ᠵᠡᠭᠦᠨ ᠬᠤᠰᠢᠭᠤᠨ ᠤ ᠮᠤᠩᠭᠤᠯ ᠥᠨᠳᠦᠰᠥᠲᠡᠨ ᠤ ᠬᠡᠥᠬᠡᠳ ᠤᠨ ᠴᠡᠴᠡᠷᠯᠢᠭ ᠨᠢ 2019 ᠤᠨ ᠤ 10 ᠰᠠᠷ᠎ᠠ ᠶᠢᠨ ᠳᠤᠮᠳᠠᠴᠢ ᠠᠴᠠ ᠡᠬᠢᠯᠡᠨ ᠤᠳᠤ ᠪᠤᠯᠲᠠᠯ᠎ᠠ ᠠᠷᠠᠳ ᠤᠨ ᠭᠥᠭᠵᠢᠮ ᠤᠨ ᠪᠤᠯᠪᠠᠰᠤᠷᠠᠯ ᠤᠨ ᠠᠩᠬᠢ ᠶᠢ ᠡᠷᠬᠢᠯᠡᠨ ᠪᠠᠭᠰᠢ ᠨᠠᠷ ᠤᠨ ᠥᠨᠳᠥᠰᠥᠨ ᠪᠤᠯᠪᠠᠰᠤᠷᠠᠯ ᠤᠨ ᠠᠩᠬᠢ ᠶᠢ ᠡᠷᠬᠢᠯᠡᠨ ᠪᠠᠭᠰᠢ ᠨᠠᠷ ᠤᠨ ᠪᠤᠯᠪᠠᠰᠤᠷᠠᠯ ᠢ ᠳᠡᠭᠡᠭᠰᠢᠯᠡᠭᠦᠯᠬᠦ ᠪᠠᠷ ᠴᠢᠷᠮᠠᠶᠢᠨ ᠠᠵᠢᠯᠯᠠᠪᠠ᠃       ᠪᠤᠯᠪᠠᠰᠤᠷᠠᠯ ᠳᠠᠭᠠᠨ ᠮᠠᠨ ᠤ ᠬᠤᠰᠢᠭᠤᠨ ᠤ ︽ᠮᠤᠷᠢᠨ ᠬᠤᠭᠤᠷ ᠤᠨ ᠰᠤᠷᠭᠠᠯᠲᠠ ᠶᠢᠨ ᠲᠥᠪ︾᠎ ᠤᠨ ᠤᠷᠠᠨᠴᠢᠮᠡᠭ ᠪᠠᠭᠰᠢ ︵ᠮᠤᠩᠭᠤᠯ ᠤᠯᠤᠰ ᠤᠨ ᠰᠤᠶᠤᠯ ᠤᠨ ᠲᠡᠷᠢᠭᠦᠨ ᠤ ᠠᠵᠢᠯᠲᠠᠨ︶᠎ ᠶᠢ ᠤᠷᠢᠨ ᠵᠠᠯᠠᠵᠤ ᠡᠯ᠎ᠡ ᠵᠥᠢᠯ ᠤᠨ ᠠᠷᠠᠳ ᠤᠨ ᠬᠥᠭᠵᠢᠮ ︵ᠶᠠᠩᠵᠢᠨ᠂ ᠶᠠᠲᠤᠭ᠎ᠠ᠂ ᠱᠠᠩᠵᠠ᠂ ᠮᠤᠷᠢᠨ ᠬᠤᠭᠤᠷ᠂ ᠬᠤᠪᠢᠰ᠂ ᠪᠥᠮᠪᠥᠷ︶ ᠪᠤᠯᠤᠨ ᠡᠯᠧᠺᠲᠷᠤᠨ ᠬᠥᠭᠵᠢᠮ ᠢ ᠥᠨᠳᠥᠰᠥᠨ ᠪᠤᠯᠪᠠᠰᠤᠷᠠᠯ ᠠᠴᠠ ᠨᠢ ᠡᠬᠢᠯᠡᠨ ᠵᠢᠭᠠᠯᠭᠠᠵᠤ᠂ ᠪᠥᠬᠦ ᠴᠡᠴᠡᠷᠯᠢᠭ ᠤᠨ ᠬᠡᠪᠴᠢᠶᠡᠨ ᠳᠤ ᠪᠠᠭᠰᠢ ᠪᠥᠬᠦᠨ ᠢ ᠰᠤᠩᠭᠤᠨ ᠰᠣᠷᠭᠠᠬᠤ ᠡᠭᠦᠳᠡᠨ ᠠᠴᠠ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃ ᠤᠷᠠᠠᠴᠢᠮᠡᠭ ᠪᠠᠭᠰᠢ ᠶᠢᠨ ᠴᠥᠬᠦᠷᠡᠯ ᠥᠭᠡᠢ ᠴᠢᠷᠮᠠᠶᠢᠯᠭ᠎ᠠ ᠪᠠ ᠪᠠᠭᠰᠢ ᠨᠠᠷ ᠤᠨ ᠮᠢᠨᠢ ᠰᠢᠷᠭᠠᠭᠤ ᠪᠤᠯᠪᠠᠰᠤᠷᠠᠯ ᠢᠶᠠᠷ ᠰᠠᠷ᠎ᠠ ᠬᠠᠭᠠᠰ ᠤᠨ ᠬᠢᠴᠢᠶᠡᠯ ᠪᠤᠯᠪᠠᠰᠤᠷᠠᠯ ᠢᠶᠠᠷ ᠮᠠᠨ ᠤ ᠴᠡᠴᠡᠷᠯᠢᠭ ᠤᠨ 20 ᠨᠡᠷ᠎ᠡ ᠪᠠᠭᠰᠢ ᠨᠢ ᠬᠤᠪᠢ ᠬᠤᠪᠢ ᠎ ᠶᠢᠨ ᠪᠠᠭ᠋ᠠᠷᠬᠠᠳᠠᠭ ᠬᠥᠭᠵᠢᠮ ᠢᠶᠠᠨ ᠰᠤᠷᠴᠤ ᠡᠵᠡᠮᠰᠢᠨ ᠴᠡᠴᠡᠷᠯᠢᠭ ᠤᠨ ᠳᠤᠯᠤᠭᠠᠨ ᠵᠥᠢᠯ ᠤᠨ ᠬᠥᠭᠵᠢᠮ ᠳᠡᠭᠡᠨ ᠪᠥᠷ ᠡᠵᠡᠨ ᠲᠠᠢ ᠪᠤᠯᠭᠠᠵᠤ ᠴᠢᠳᠠᠭᠰᠠᠨ ᠢᠶᠠᠷ ᠪᠠᠷᠠᠬᠤ ᠥᠭᠡᠢ᠂ ᠮᠠᠨ ᠤ ᠴᠡᠴᠡᠷᠯᠢᠭ ᠤᠨ ᠪᠠᠭᠰᠢ ᠨᠠᠷ ᠨᠢ ᠳᠠᠭᠤᠤ ᠤᠷᠠᠯᠢᠭ ᠬᠥᠭᠵᠢᠮ ᠤᠨ ᠲᠤᠬᠠᠢ ᠮᠡᠳᠡᠯᠭᠡ ᠮᠡᠳᠡᠴᠡ ᠶᠢᠨ ᠲᠠᠯ᠎ᠠ ᠪᠠᠷ ᠨᠡᠯᠢᠶᠡᠳ ᠳᠠᠪᠰᠢᠯᠲᠠ ᠲᠠᠢ ᠪᠤᠯᠵᠤ ᠴᠢᠳᠠᠭᠰᠠᠨ ᠮᠥᠷᠲᠡᠭᠡᠨ ᠪᠠᠭᠰᠢ ᠨᠠᠷ ᠤᠨ ᠲᠤᠬᠠᠶᠢᠯᠠᠭᠰᠠᠨ ᠠᠵᠢᠯ ᠢᠶᠠᠨ ᠨᠡᠩ ᠰᠠᠶᠢᠨ ᠢᠶᠠᠷ ᠪᠡᠶᠡᠯᠡᠭᠦᠯᠬᠦ ᠳᠤ ᠡᠩ ᠲᠡᠷᠢᠭᠦᠨ ᠳᠤ ᠥᠪᠡᠷ ᠢ ᠪᠠᠨ ᠬᠥᠭᠵᠢᠭᠦᠯᠵᠥ᠂ ᠥᠪᠡᠷ ᠢ ᠪᠠᠨ ᠴᠢᠨᠡᠭᠯᠡᠬᠦ ᠴᠢᠬᠤᠯᠠᠲᠠᠢ ᠭᠡᠳᠡᠭ ᠲᠤ ᠭᠥᠨᠵᠡᠭᠡᠢ ᠲᠠᠨᠢᠯᠲᠠ ᠲᠠᠢ ᠪᠤᠯᠭᠠᠨ᠂ ᠬᠤᠶᠢᠰᠢᠳᠠ ᠶᠢᠨ ᠠᠵᠢᠯ ᠢᠶᠠᠨ ᠨᠡᠩ ᠰᠠᠶᠢᠨ ᠢᠶᠠᠷ ᠪᠡᠶᠡᠯᠡᠭᠦᠯᠭᠦ ᠳᠤᠨᠢ ᠢᠲᠡᠭᠡᠯ ᠵᠤᠷᠢᠭ ᠨᠢ ᠬᠥᠪᠴᠢᠯᠡᠭᠳᠡᠵᠤ᠂ ᠳᠠᠭᠤᠤ ᠤᠷᠠᠯᠢᠭ ᠤᠨ ᠷᠢᠳᠢ ᠰᠢᠳᠢ ᠪᠠᠷ ᠠᠵᠢᠯ ᠤᠨ ᠶᠠᠳᠠᠷᠠᠯ ᠢᠶᠠᠨ ᠲᠠᠶᠢᠯᠵᠤ ᠠᠮᠢᠳᠤᠷᠠᠯ ᠰᠤᠷᠤᠯᠭ᠎ᠠ᠂ ᠠᠵᠢᠯ ᠥᠢᠯᠡᠰ ᠲᠡᠭᠡᠨ ᠪᠠᠶᠠᠷ ᠬᠥᠷ ᠲᠠᠢ ᠮᠡᠷᠡᠶᠢᠨ ᠠᠵᠢᠯᠯᠠᠬᠤ ᠤᠷᠮ᠎ᠠ ᠵᠤᠷᠢᠭ ᠢ ᠨᠢ ᠬᠥᠭᠵᠢᠭᠡᠳᠡᠭ ᠬᠡᠰᠡᠨ ᠢ ᠤᠶᠢᠯᠭᠠᠭᠤᠯᠤᠨ ᠪᠠᠭᠰᠢ ᠶᠢᠨ ᠡᠩᠨᠡᠭᠡ ᠪᠠᠨ ᠲᠡᠭᠦᠯᠳᠡᠷᠵᠢᠭᠦᠯᠥᠨ ᠪᠠᠭᠰᠢ ᠨᠡᠷ ᠤᠨ ᠲᠤᠬᠠᠶᠢᠯᠠᠭᠰᠠᠨ ᠠᠵᠢᠯ ᠎ ᠤᠨ ᠪᠤᠯᠪᠠᠰᠤᠷᠠᠯ ᠢᠶᠠᠨ ᠳᠡᠭᠡᠭᠰᠢᠯᠡᠭᠦᠯᠬᠦ ᠵᠤᠷᠢᠯᠭ᠎ᠠ ᠳᠠᠭᠠᠨ ᠭᠥᠷᠬᠦ ᠨᠢᠭᠡᠨ ᠤᠳᠠᠭᠠᠨ ᠤ ᠤᠳᠬ᠎ᠠ ᠠᠭᠤᠯᠭ᠎ᠠ ᠲᠠᠢ ᠪᠤᠯᠪᠠᠰᠤᠷᠠᠯ ᠪᠤᠯᠵᠤ ᠴᠢᠳᠠᠭᠰᠠᠨ ᠪᠠᠶᠢᠨ᠎ᠠ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠮᠤᠩᠭᠤᠯ ᠥᠨᠳᠦᠰᠥᠲᠡᠨ ᠤ ᠬᠡᠥᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号