ᠰᠥᠨᠢᠳ ᠵᠡᠭᠦᠨ ᠬᠤᠰᠢᠭᠤᠨ ᠤ ᠮᠤᠩᠭᠤᠯ ᠥᠨᠳᠤᠰᠤᠲᠡᠨ ᠤ ᠳᠤᠮᠳᠠᠳᠤ ᠰᠤᠷᠭᠠᠭᠤᠯᠢ ᠶᠢᠨ ᠠᠩᠬᠠᠳᠤᠭᠠᠷ ᠤᠳᠠᠭᠠᠨ ᠤ ᠠᠩᠭᠡᠯᠢ ᠬᠡᠯᠡᠨ ᠤ ᠠᠪᠢᠶ᠎ᠠ ᠲᠠᠭᠠᠷᠠᠭᠤᠯᠬᠤ ᠤᠷᠤᠯᠳᠤᠭᠠᠨ
ᠨᠡᠶᠢᠲᠡᠯᠡᠭᠰᠡᠨ ᠴᠠᠭ᠄
2019/12/27
      ᠰᠤᠷᠤᠭᠴᠢᠳ ᠤᠨ ᠠᠩᠭᠡᠯᠢ ᠬᠡᠯᠡ ᠰᠤᠷᠬᠤ ᠳᠤᠷ᠎ᠠ ᠰᠤᠨᠢᠷᠬᠠᠯ ᠢ ᠬᠥᠭᠵᠢᠭᠦᠯᠵᠥ᠂ ᠠᠩᠭᠡᠯᠢ ᠬᠡᠯᠡ ᠰᠤᠷᠬᠤ ᠤᠷᠮ᠎ᠠ ᠰᠡᠳᠬᠢᠯᠭ ᠶᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠰᠤᠷᠭᠠᠭᠤᠯᠢ ᠶᠢᠨ ᠠᠩᠭᠡᠯᠢ ᠬᠡᠯᠡᠨ ᠤ ᠳᠤᠭᠤᠶᠢᠯᠠᠩ ᠎ ᠨᠢ 2019 ᠤᠨ ᠤ 12 ᠰᠠᠷ᠎ᠠ ᠶᠢᠨ 5᠎ ᠤ ᠥᠳᠡ ᠶᠢᠨ ᠬᠤᠶᠢᠨ᠎ᠠ ᠨᠤᠮ ᠤᠨ ᠰᠠᠩ ᠤᠨ ᠶᠤᠰᠤᠯᠠᠯ ᠤᠨ ᠲᠠᠩᠬᠢᠮ ᠎ ᠳᠤ ᠪᠥᠬᠦ ᠰᠤᠷᠭᠠᠭᠤᠯᠢ ᠶᠢᠨ ᠬᠡᠪᠴᠢᠶᠡᠨ ᠤ ᠠᠩᠬᠠᠳᠤᠭᠠᠷ ᠤᠳᠠᠭᠠᠨ ᠤ ᠠᠩᠭᠡᠯᠢ ᠬᠡᠯᠡᠨ ᠤ ᠠᠪᠢᠶ᠎ᠠ ᠲᠠᠭᠠᠷᠠᠭᠤᠯᠬᠤ ᠤᠷᠤᠯᠳᠤᠭᠠᠨ ᠢ ᠶᠠᠪᠤᠭᠳᠠᠭᠤᠯᠤᠭᠰᠠᠨ ᠪᠠᠶᠢᠨ᠎ᠠ᠃      ᠤᠷᠤᠯᠳᠤᠭᠠᠨ ᠳᠤ᠂ ᠡᠯ᠎ᠡ ᠠᠩᠬᠢ ᠶᠢᠨ ᠳᠤᠭᠤᠶᠢᠯᠠᠩ ᠨᠤᠭᠤᠳ ᠠᠴᠠ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠰᠤᠨᠤᠷ ᠢ ᠪᠠᠶᠠᠰᠬᠠᠭᠰᠠᠨ ᠲᠤᠭᠯᠠᠯᠲᠠ ᠶᠢ ᠰᠤᠨᠢᠷᠬᠠᠭᠤᠯᠤᠭᠰᠠᠨ ᠪᠠᠶᠢᠨ᠎ᠠ᠃ ᠤᠷᠤᠯᠳᠤᠭᠠᠨ ᠤ ᠮᠠᠲ᠋ᠧᠷᠢᠶᠠᠯ ᠨᠢ ᠤᠯᠠᠨ ᠵᠥᠢᠯ ᠤᠨ ᠪᠠᠶᠢᠵᠤ᠂ ᠵᠠᠷᠢᠮ ᠨᠢ ᠠᠩᠭᠡᠯᠢ ᠵᠥᠴᠥᠭᠡ ᠶᠢ ᠠᠪᠢᠶᠠᠯᠠᠵᠤ᠂ ᠵᠠᠷᠢᠮ ᠨᠢ ᠠᠩᠭᠡᠯᠢ ᠺᠢᠨᠤ᠋ ᠠᠪᠢᠶᠠᠯᠠᠵᠤ᠂ ᠵᠠᠷᠢᠮ ᠨᠢ ᠠᠩᠭᠡᠯᠢ ᠺᠠᠷᠲ᠋ᠤᠨ ᠠᠪᠢᠶᠠᠯᠠᠭᠰᠠᠨ ᠪᠠᠶᠢᠨ᠎ᠠ᠃ ᠤᠷᠤᠯᠳᠤᠭᠠᠨ ᠳᠤ ᠤᠷᠤᠯᠴᠠᠭᠰᠠᠨ ᠳᠤᠭᠤᠶᠢᠯᠠᠩ ᠨᠢᠭᠡᠪᠥᠷᠢ ᠨᠢ ᠮᠠᠰᠢ ᠰᠠᠶᠢᠬᠠᠨ ᠠᠪᠢᠶᠠᠯᠠᠭ᠎ᠠ ᠬᠢᠵᠥ᠂ ᠳᠠᠭᠤᠨ ᠤ ᠥᠩᠭᠡ ᠢᠷᠠᠭᠤ ᠲᠤᠳᠤ᠂ ᠠᠪᠢᠶᠠᠯᠠᠭ᠎ᠠ ᠵᠥᠪ ᠤᠨᠤᠪᠴᠢᠲᠠᠢ᠂ ᠰᠢᠩᠭᠡᠭᠡᠯᠲᠡ ᠪᠠ ᠰᠡᠳᠬᠢᠯᠭᠡ ᠠᠭᠤᠰᠤᠯᠴᠠᠵᠤ ᠴᠢᠳᠠᠭᠰᠠᠨ ᠮᠥᠷᠲᠡᠭᠡᠨ ᠳᠤᠭᠤᠶᠢᠯᠠᠩ ᠢᠶᠠᠷ ᠪᠠᠨ ᠬᠠᠮᠲᠤᠷᠤᠯᠴᠠᠨ ᠠᠪᠢᠶᠠᠯᠠᠬᠤ ᠠᠭᠤᠯᠭ᠎ᠠ ᠪᠠᠨ ᠪᠥᠷᠢᠨ ᠪᠥᠲᠥᠨ ᠤᠷᠥᠰᠤᠮ᠎ᠠ ᠰᠠᠶᠢᠬᠠᠨ ᠲᠠᠭᠠᠷᠠᠭᠤᠯᠵᠤ ᠴᠢᠳᠠᠪᠠ᠃ ᠥᠵᠡᠭᠴᠢᠳ ᠪᠠᠰᠠ ᠳᠤᠷ᠎ᠠ ᠪᠠᠬ᠎ᠠ ᠥᠨᠳᠥᠷ ᠪᠠᠶᠢᠵᠤ᠂ ᠬᠠᠯᠠᠭᠤᠨ ᠠᠯᠠᠭ᠎ᠠ ᠲᠠᠰᠢᠯᠲᠠ ᠪᠠᠷ ᠤᠷᠤᠯᠳᠤᠭᠠᠨ ᠳᠤ ᠤᠷᠤᠯᠴᠠᠭᠰᠠᠳ ᠲᠤ ᠬᠥᠴᠤ ᠵᠤᠷᠢᠭ ᠨᠡᠮᠡᠭᠰᠡᠨ ᠪᠠᠶᠢᠨ᠎ᠠ᠃ ᠬᠤᠷᠴᠠ ᠰᠢᠷᠥᠭᠦᠨ ᠥᠷᠢᠰᠥᠯᠳᠡᠭᠡᠨ ᠢᠶᠠᠷ ᠳᠠᠮᠵᠢᠨ᠂190 ᠠᠩᠬᠢ ᠶᠢᠨGentelman ᠳᠤᠭᠤᠶᠢᠯᠠᠩ ᠨᠢᠭᠡᠳᠥᠭᠡᠷ ᠨᠡᠷ᠎ᠡ ᠳᠤ ᠲᠤᠳᠤᠷᠠᠵᠤ᠂185 ᠠᠩᠬᠢ ᠶᠢᠨWolf ᠳᠤᠭᠤᠶᠢᠯᠠᠩ ᠪᠠ189 ᠠᠩᠬᠢ ᠶᠢᠨSuper F&P ᠳᠤᠭᠤᠶᠢᠯᠠᠩ ᠬᠤᠶᠠᠷᠳᠤᠭᠠᠷ ᠨᠡᠷ᠎ᠡ ᠳᠤ ᠲᠤᠳᠤᠷᠠᠵᠤ᠂186 ᠠᠩᠬᠢ ᠶᠢᠨG.R.H.J Group ᠳᠤᠭᠤᠶᠢᠯᠠᠩ᠂189 ᠠᠩᠬᠢ ᠶᠢᠨCrystal Soul ᠳᠥᠭᠤᠶᠢᠯᠠᠩ ᠪᠠ191 ᠠᠩᠬᠢ ᠶᠢᠨHe Got Game  ᠳᠤᠭᠤᠶᠢᠯᠠᠩ ᠭᠤᠷᠪᠠᠳᠤᠭᠠᠷ ᠨᠡᠷ᠎ᠡ ᠳᠤ ᠲᠤᠳᠤᠷᠠᠵᠤ᠂192 ᠠᠩᠬᠢ ᠶᠢᠨDiomd ᠳᠤᠭᠤᠶᠢᠯᠠᠩ᠂190 ᠠᠩᠬᠢ ᠶᠢᠨY&S Team ᠳᠤᠭᠤᠶᠢᠯᠠᠩ᠂192 ᠠᠩᠬᠢ ᠶᠢᠨGo Ahead ᠳᠤᠭᠤᠶᠢᠯᠠᠩ᠂184 ᠠᠩᠬᠢ ᠶᠢᠨSpirit ᠳᠤᠭᠤᠶᠢᠯᠠᠩ ᠪᠠ185 ᠠᠩᠬᠢ ᠶᠢᠨCloud ᠳᠤᠭᠤᠶᠢᠯᠠᠩ ᠰᠢᠯᠢᠳᠡᠭ ᠨᠡᠷ᠎ᠡ ᠳᠤ ᠲᠤᠳᠤᠷᠠᠪᠠ᠃190 ᠠᠩᠬᠢ ᠰᠢᠯᠢᠳᠡᠭ ᠠᠩᠬᠢ ᠨᠢᠭᠡᠴᠢ ᠪᠠᠷ ᠥᠨᠡᠯᠡᠭᠳᠡᠭᠰᠡᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠨᠢ ᠶᠡᠭᠡ ᠠᠮᠵᠢᠯᠲᠠ ᠲᠠᠢ ᠶᠠᠪᠤᠭᠳᠠᠵᠤ᠂ ᠰᠤᠷᠤᠭᠴᠢᠳ ᠤᠨ ᠠᠩᠭᠡᠯᠢ ᠬᠡᠯᠡ ᠰᠤᠷᠬᠤ ᠤᠷᠮ᠎ᠠ ᠵᠤᠷᠢᠭ ᠢ ᠬᠥᠪᠴᠢᠯᠡᠵᠥ ᠴᠢᠳᠠᠭᠰᠠᠨ ᠪᠠᠶᠢᠵᠤ ᠡᠭᠦᠨ ᠠᠴᠠ ᠬᠤᠶᠢᠰᠢ ᠡᠶᠢᠮᠥᠷᠭᠦ ᠬᠥᠳᠡᠯᠭᠡᠭᠡᠨ ᠢ ᠥᠷᠭᠦᠯᠵᠢ ᠬᠢᠬᠦ ᠪᠠᠷ ᠲᠥᠯᠥᠪᠯᠠᠵᠥ ᠪᠠᠶᠢᠨ᠎ᠠ︕
 
ᠢᠷᠡᠯᠲᠡ᠄ ᠰᠥᠨᠢᠳ ᠵᠡᠭᠦᠨ ᠬᠤᠰᠢᠭᠤᠨ ᠤ ᠮᠤᠩᠭᠤᠯ ᠥᠨᠳᠤᠰᠤᠲᠡᠨ ᠤ ᠳᠤᠮᠳᠠᠳᠤ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号