ᠰᠥᠨᠢᠳ ᠵᠡᠭᠦᠨ ᠬᠤᠰᠢᠭᠤᠨ ᠤ ᠮᠤᠩᠭᠤᠯ ᠥᠨᠳᠤᠰᠤᠲᠡᠨ ᠤ ᠳᠤᠮᠳᠠᠳᠤ ᠰᠤᠷᠭᠠᠭᠤᠯᠢ ᠨᠢ ᠤᠯᠤᠰ ᠪᠠᠶᠢᠭᠤᠯᠤᠭᠳᠠᠭᠰᠠᠨ70 ᠵᠢᠯ ᠤᠨ ᠤᠢ ᠳᠤ ᠵᠤᠷᠢᠭᠤᠯᠤᠨ ᠪᠠᠭᠰᠢ ᠠᠵᠢᠯᠲᠠᠨ  ᠤ ᠪᠢᠴᠢᠯᠭᠡ ᠶᠢᠨ ᠥᠨᠳᠥᠰᠤᠨ ᠴᠢᠳᠠᠪᠤᠷᠢ ᠶᠢᠨ ᠥᠵᠡᠭᠦᠯᠥᠯᠭᠡ ᠡᠷᠬᠢᠯᠡᠪᠡ
ᠨᠡᠶᠢᠲᠡᠯᠡᠭᠰᠡᠨ ᠴᠠᠭ᠄
2019/2/19
          ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠵᠤ᠂ ᠪᠠᠶᠠᠷᠯᠠᠨ ᠪᠡᠯᠡᠭᠯᠡᠬᠦ ᠵᠤᠷᠢᠯᠭ᠎ᠠ ᠪᠠᠷ 2019 ᠤᠨ ᠤ 9  ᠰᠠᠷ᠎ᠠ ᠶᠢᠨ 23᠎ ᠤ ᠡᠳᠥᠷ ᠠᠴᠠ ᠡᠬᠢᠯᠡᠨ ᠰᠤᠷᠭᠠᠭᠤᠯᠢ ᠶᠢᠨ ᠨᠠᠮ ᠤᠨ ᠡᠭᠦᠷ᠂ ᠶᠤᠰᠤ ᠰᠤᠷᠲᠠᠬᠤᠨ ᠤ ᠬᠥᠮᠥᠵᠢᠯ ᠤᠨ ᠠᠯᠪᠠᠨ ᠭᠡᠷ᠂ ᠵᠢᠭᠠᠨ  ᠵᠢᠯᠤᠭᠤᠳᠬᠤ ᠭᠠᠵᠠᠷ ᠠᠴᠠ ᠵᠤᠬᠢᠶᠠᠨ ᠪᠠᠶᠢᠭᠤᠯᠵᠤ ᠡᠷᠬᠢᠯᠡᠭᠰᠡᠨ ᠪᠠᠭᠰᠢ ᠠᠵᠢᠯᠲᠠᠨ ᠤ ᠪᠤᠯᠤᠳ ᠪᠢᠷ᠂ ᠥᠰᠤᠨ ᠪᠢᠷ ᠤᠨ ᠥᠵᠡᠭᠦᠯᠥᠯᠭᠡ ᠨᠢ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠲᠤ ᠶᠠᠪᠤᠭᠳᠠᠭᠰᠠᠨ ᠪᠠᠶᠢᠨ᠎ᠠ᠃ᠲᠤᠰ ᠤᠳᠠᠭᠠᠨ ᠤ ᠥᠵᠡᠭᠦᠯᠥᠯᠭᠡ ᠨᠢ ᠪᠠᠭᠰᠢ ᠠᠵᠢᠯᠲᠠᠨ ᠤ ᠡᠬᠡ ᠤᠯᠤᠰ᠂ ᠨᠤᠲᠤᠭ ᠤᠰᠤ ᠪᠠᠨ ᠮᠠᠭᠲᠠᠨ ᠳᠠᠭᠤᠯᠠᠭᠰᠠᠨ ᠠᠭᠤᠯᠭ᠎ᠠ ᠲᠠᠢ ᠰᠢᠯᠥᠭ ᠳᠠᠭᠤᠤ ᠪᠤᠯᠤᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢᠴᠢ ᠰᠤᠷᠭᠠᠨ ᠬᠥᠮᠤᠵᠢᠯ ᠤᠨ ᠲᠠᠯ᠎ᠠ ᠶᠢᠨ ᠠᠭᠤᠯᠭ᠎ᠠ ᠲᠠᠢ ᠰᠡᠳᠬᠢᠮᠵᠢᠯᠡᠨ ᠰᠡᠳᠥᠪᠯᠡᠭᠰᠡᠨ ᠪᠢᠴᠢᠯᠭᠡ ᠪᠠᠷ ᠭᠤᠤᠯᠯᠠᠵᠤ᠂ ᠰᠤᠷᠭᠠᠭᠤᠯᠢ ᠶᠢᠨ ᠬᠡᠪᠴᠢᠶᠡᠨ ᠳᠠᠬᠢ ᠨᠢᠭᠡᠨ ᠤᠳᠠᠭᠠᠨ ᠤ ᠡᠬᠡ ᠤᠯᠤᠰ ᠤᠨ ᠢᠶᠠᠨ ᠳᠠᠯᠠᠨ ᠵᠢᠯ ᠤᠨ ᠤᠢ ᠶᠢᠨ ᠪᠠᠶᠠᠷ ᠲᠤ ᠪᠡᠯᠡᠭ ᠪᠤᠯᠭᠠᠨ ᠡᠷᠭᠦᠭᠰᠡᠨ ᠤᠳᠬ᠎ᠠ ᠲᠠᠢ ᠠᠵᠢᠯᠯᠠᠭ᠎ᠠ ᠪᠤᠯᠵᠤ ᠴᠢᠳᠠᠭᠰᠠᠨ ᠪᠠᠶᠢᠨ᠎ᠠ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠮᠤᠩᠭᠤᠯ ᠥᠨᠳᠤᠰᠤᠲᠡᠨ ᠤ ᠳᠤᠮᠳᠠᠳᠤ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号