ᠰᠥᠨᠢᠳ ᠵᠡᠭᠦᠨ ᠬᠤᠰᠢᠭᠤᠨ ᠤ ᠮᠤᠩᠭᠤᠯ ᠥᠨᠳᠤᠰᠤᠲᠡᠨ ᠤ ᠳᠤᠮᠳᠠᠳᠤ ᠰᠤᠷᠭᠠᠭᠤᠯᠢ ᠪᠠᠭᠰᠢ ᠰᠤᠷᠤᠭᠴᠢᠳ ᠤᠨ ᠨᠤᠮ ᠤᠭᠰᠢᠭᠰᠠᠨ ᠲᠥᠷᠥᠭᠳᠡᠯ ᠢᠶᠠᠨ ᠬᠤᠪᠢᠶᠠᠯᠴᠠᠬᠤ ᠠᠵᠢᠯᠯᠠᠭ᠎ᠠ ᠥᠷᠨᠢᠭᠦᠯᠥᠭᠰᠡᠨ ᠨᠢ
ᠨᠡᠶᠢᠲᠡᠯᠡᠭᠰᠡᠨ ᠴᠠᠭ᠄
2019/4/27
     2019 ᠤᠨ ᠤ 4 ᠰᠠᠷ᠎ᠠ ᠶᠢᠨ23᠎ ᠤ ᠡᠳᠥᠷ ᠤᠨ ᠥᠳᠡ ᠶᠢᠨ ᠬᠤᠶᠢᠨ᠎ᠠ᠂ᠰᠥᠨᠢᠳ ᠵᠡᠭᠦᠨ ᠬᠤᠰᠢᠭᠤᠨ ᠤ ᠮᠤᠩᠭᠤᠯ ᠥᠨᠳᠤᠰᠤᠲᠡᠨ ᠤ ᠳᠤᠮᠳᠠᠳᠤ ᠰᠤᠷᠭᠠᠭᠤᠯᠢ ᠨᠢ ᠪᠥᠬᠦ ᠠᠶᠢᠮᠠᠭ ᠤᠨ ︿︿ᠨᠤᠮ ᠤᠩᠰᠢᠬᠤ ᠰᠠᠶᠢᠨ ᠰᠠᠶᠢᠬᠠᠨ ᠵᠠᠩ ᠳᠠᠳᠬᠠᠯ ᠲᠠᠢ ᠪᠤᠯᠠᠬᠤ﹀﹀ ᠨᠤᠮ ᠤᠩᠰᠢᠬᠤ ᠢᠨᠵᠧᠨᠧᠷᠢᠭ ᠤᠨ ᠵᠤᠷᠢᠭ ᠰᠠᠨᠠᠭ᠎ᠠ ᠪᠠ ᠬᠤᠰᠢᠭᠤ ᠰᠤᠷᠭᠠᠨ ᠬᠥᠮᠥᠵᠢᠯ ᠤᠨ ᠳᠤᠪᠴᠢᠶᠠᠨ ᠤ ᠬᠢᠴᠢᠶᠡᠯ ᠠᠴᠠ ᠭᠠᠳᠠᠭᠤᠷ ᠨᠤᠮ ᠤᠩᠰᠢᠬᠤ ᠠᠵᠢᠯᠯᠠᠭ᠎ᠠ ᠶᠢ ᠥᠷᠨᠢᠭᠦᠯᠬᠦ ᠲᠥᠯᠥᠪᠯᠡᠯᠭᠡ ᠶᠢ ᠥᠨᠳᠥᠰᠥᠯᠡᠨ᠂ 4 ᠰᠠᠷ᠎ᠠ ᠶᠢᠨ 23᠎ ᠤ ᠡᠳᠥᠷ ᠤᠨ ︿︿ᠳᠡᠯᠡᠬᠡᠢ ᠶᠢᠨ ᠨᠤᠮ ᠤᠩᠰᠢᠬᠤ ᠡᠳᠥᠷ﹀﹀᠎ ᠢ ᠲᠤᠬᠢᠶᠠᠯᠳᠤᠭᠤᠯᠠᠨ ᠪᠠᠭᠰᠢ ᠰᠤᠷᠤᠭᠴᠢᠳ ᠤᠨ ᠨᠤᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠬᠤ ᠠᠵᠢᠯᠯᠠᠭ᠎ᠠ ᠥᠡᠨᠢᠭᠦᠯᠥᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠳᠤ ᠡᠯ᠎ᠡ ᠠᠩᠬᠢ ᠶᠢᠨ ᠠᠩᠬᠢ ᠶᠢᠨ ᠪᠠᠭᠰᠢ ᠨᠠᠷ᠂ ᠲᠤᠰ ᠠᠩᠬᠢ ᠶᠢᠨ ᠡᠯ᠎ᠡ ᠬᠢᠴᠢᠶᠡᠯ ᠲᠥᠷᠥᠯ ᠤᠨ ᠪᠠᠭᠰᠢ ᠨᠠᠷ ᠨᠤᠮ ᠤᠩᠰᠢᠭᠰᠠᠨ ᠲᠥᠷᠥᠭᠳᠡᠯ ᠢᠶᠠᠨ ᠶᠠᠷᠢᠬᠤ ᠶᠢᠨ ᠬᠠᠮᠲᠤ ᠨᠤᠮ ᠢᠶᠠᠨ ᠠᠪᠴᠢᠷᠠᠨ ᠰᠤᠷᠤᠭᠴᠢᠳ ᠲᠤ ᠪᠠᠨ ᠲᠠᠨᠢᠯᠴᠠᠭᠤᠯᠵᠤ᠂ ᠡᠯ᠎ᠡ ᠠᠩᠬᠢ ᠶᠢᠨ ᠪᠥᠬᠦ ᠰᠤᠷᠤᠭᠴᠢᠳ ᠨᠤᠮ ᠤᠩᠰᠢᠭᠰᠠᠨ ᠲᠥᠷᠥᠭᠳᠡᠯ ᠪᠢᠴᠢᠨ᠂4-5 ᠨᠡᠷ᠎ᠡ ᠰᠤᠷᠤᠭᠴᠢ ᠨᠤᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠨ ᠶᠠᠷᠢᠭᠰᠠᠨ ᠪᠠᠶᠢᠨ᠎ᠠ᠃      ᠮᠠᠨ ᠤ ᠰᠤᠷᠭᠠᠭᠤᠯᠢ ᠨᠢ ᠨᠤᠮ ᠰᠤᠶᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠪᠠᠨ ᠡᠷᠴᠢᠮᠲᠠᠢ ᠥᠷᠨᠢᠭᠦᠯᠵᠥ᠂ ᠪᠠᠭᠰᠢ ᠪᠤᠯᠭᠠᠨ ᠥᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠨᠤᠮ ᠢᠶᠠᠷ ᠪᠠᠭ᠋ᠠᠷᠬᠠᠭᠰᠠᠨ ᠨᠤᠮ ᠲᠠᠢ ᠮᠤᠩᠭᠤᠯ ᠤᠨ ᠰᠢᠯᠢᠳᠡᠭ ᠬᠤᠶᠢᠴᠢᠰ ᠢ ᠬᠥᠮᠥᠵᠢᠭᠦᠯᠬᠦ ᠶᠢᠨ ᠲᠥᠯᠥᠭᠡ ᠮᠡᠷᠡᠶᠢᠨ ᠴᠢᠷᠮᠠᠶᠢᠨ ᠠᠵᠢᠯᠯᠠᠵᠤ ᠪᠠᠶᠢᠭ᠎ᠠ ᠶᠤᠮ᠃ ᠨᠤᠮ ᠪᠤᠯ ᠬᠥᠮᠥᠨ ᠲᠥᠷᠥᠯᠬᠢᠲᠡᠨ ᠤ ᠶᠠᠨᠳᠠᠰᠢ ᠥᠭᠡᠢ ᠪᠠᠶᠠᠯᠢᠭ ᠭᠡᠳᠡᠭᠴᠢᠯᠡᠨ ᠰᠤᠷᠤᠭᠴᠢ ᠨᠥᠬᠦᠳ ᠮᠢᠨᠢ ᠨᠤᠮ ᠪᠢᠴᠢᠭ ᠠᠴᠠ ᠤᠶᠤᠨ ᠤ ᠰᠢᠮ᠎ᠡ ᠬᠥᠷᠲᠡᠵᠤ᠂ ᠤᠢ ᠪᠢᠯᠢᠭ ᠢᠶᠠᠨ ᠬᠤᠷᠴᠢᠯᠠᠨ᠂ ᠨᠤᠮ ᠤᠨ ᠨᠥᠬᠦᠷ ᠪᠤᠯᠵᠤ᠂ ᠨᠤᠮ ᠤᠩᠰᠢᠬᠤ ᠶᠢ ᠡᠳᠥᠷ ᠳᠤᠲᠥᠮ ᠤᠨ ᠠᠮᠢᠳᠥᠷᠠᠯ ᠰᠤᠷᠥᠯᠭ᠎ᠠ ᠶᠢᠨ ᠳᠠᠳᠬᠠᠯ ᠪᠤᠯᠭᠠᠬᠤ ᠪᠠᠷ ᠴᠢᠷᠮᠠᠶᠢᠭᠠᠷᠠᠢ᠃                            
 
ᠢᠷᠡᠯᠲᠡ᠄ ᠰᠥᠨᠢᠳ ᠵᠡᠭᠦᠨ ᠬᠤᠰᠢᠭᠤᠨ ᠤ ᠮᠤᠩᠭᠤᠯ ᠥᠨᠳᠤᠰᠤᠲᠡᠨ ᠤ ᠳᠤᠮᠳᠠᠳᠤ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号