ᠮᠡᠨᠳᠡᠯᠲᠤ ᠬᠡᠥᠬᠡᠳ  ᠤᠨ ᠴᠡᠴᠡᠷᠯᠢᠭ ᠤᠨ ᠪᠢᠴᠢᠬᠠᠨ ᠪᠥᠬᠡᠴᠥᠳ ᠨᠢ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠳᠠᠭᠠᠨ ᠢᠳᠡᠪᠬᠢᠲᠡᠢ ᠤᠷᠤᠯᠴᠠᠪᠠ
ᠨᠡᠶᠢᠲᠡᠯᠡᠭᠰᠡᠨ ᠴᠠᠭ᠄
2019/5/20
      2019 ᠤᠨ ᠤ 5 ᠰᠠᠷᠠᠶᠢᠨ 18᠎ ᠤ ᠡᠳᠥᠷ᠂ ᠰᠤᠨᠢᠳ ᠵᠡᠭᠦᠨ ᠬᠤᠰᠢᠭᠤᠨ ᠤ ᠰᠤᠷᠭᠠᠨ ᠬᠥᠮᠥᠵᠢᠯ ᠤᠨ ᠳᠤᠪᠴᠢᠶᠠᠨ ᠠᠴᠠ ᠭᠤᠤᠯᠯᠠᠨ ᠡᠷᠬᠢᠯᠡᠭᠰᠡᠨ᠂ ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠎ ᠶᠢ ᠪᠡᠯᠭᠡᠯᠡᠬᠦ᠂ ᠳᠤᠮᠳᠠᠲᠤ ᠪᠠᠭ᠎ᠠ ᠰᠤᠷᠭᠠᠭᠤᠯᠢ ᠪᠤᠯᠤᠨ ᠴᠡᠴᠡᠷᠯᠢᠭ ᠤᠨ ᠤᠯᠠᠮᠵᠢᠯᠠᠯᠲᠤ ᠪᠡᠶ᠎ᠡ ᠲᠠᠮᠢᠷ ᠤᠨ ᠰᠢᠷᠢᠰ ᠠᠵᠢᠯᠯᠠᠭ᠎ᠠ ᠨᠢ ᠬᠤᠰᠢᠭᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ ᠨᠢᠵᠢᠭᠡᠷ ᠰᠠᠶᠢᠬᠠᠨ ᠶᠠᠪᠤᠭᠳᠠᠪᠠ᠃       ᠡᠨᠡᠬᠦ ᠥᠨᠳᠥᠰᠥᠲᠡᠨ ᠤ ᠤᠨᠴᠠᠯᠢᠭ ᠪᠥᠬᠦᠢ ᠤᠯᠠᠮᠵᠢᠯᠠᠯᠲᠤ ᠰᠤᠶᠤᠯ ᠤᠨ ᠨᠠᠶᠢᠷ ᠲᠤ ᠮᠠᠨ ᠤ ᠮᠡᠨᠳᠡᠯᠳᠤ ᠬᠡᠥᠬᠡᠳ ᠤᠨ ᠴᠡᠴᠡᠷᠯᠢᠭ ᠤᠨ ᠪᠢᠴᠢᠬᠠᠨ ᠲᠠᠮᠢᠷᠴᠢᠳ ᠤᠨ ᠡᠩᠨᠡᠭᠡ ᠨᠢ ᠢᠳᠡᠪᠬᠢᠲᠡᠢ ᠤᠷᠤᠯᠴᠠᠵᠤ᠂ ᠴᠡᠴᠡᠷᠯᠢᠭ ᠤᠨ ᠳᠤᠭᠤᠶᠢᠯᠠᠩ ᠤᠨ ᠪᠥᠬᠡ ᠶᠢᠨ ᠤᠷᠤᠯᠳᠤᠭᠠᠨ ᠳᠤ ᠮᠠᠨ ᠤ ᠴᠡᠴᠡᠷᠯᠢᠭ ᠤᠨ ᠮᠤᠩᠭᠤᠯ ᠶᠡᠭᠡ ᠬᠤᠶᠠᠷ ᠠᠩᠬᠢ ᠶᠢᠨ ᠪᠥᠬᠡᠪᠠᠳᠣ ᠲᠡᠷᠢᠭᠦᠯᠡᠵᠥ᠂ ᠠᠯᠲᠠ ᠮᠥᠩᠭᠦᠨ ᠮᠧᠲᠠᠯ᠂ ᠬᠥᠷᠢᠯ ᠮᠧᠲᠠᠯ ᠢᠶᠠᠷ ᠡᠩᠬᠡᠷ ᠢᠶᠠᠨ ᠮᠢᠯᠢᠶᠠᠯᠭᠠᠭᠰᠠᠨ ᠪᠠᠶᠢᠨ᠎ᠠ ᠃  ᠴᠤᠪᠤᠭᠤ ᠬᠥᠭᠡᠷᠥᠬᠦᠨ ᠬᠡᠥᠬᠡᠳ ᠮᠢᠨᠢ ᠥᠨᠳᠥᠰᠥᠲᠡᠨ ᠤ ᠪᠠᠨ ᠤᠯᠠᠮᠵᠢᠯᠠᠯᠲᠤ ᠰᠤᠶᠤᠯ ᠤᠨ ᠲᠠᠮᠢᠷ ᠤᠨ ᠬᠥᠳᠡᠯᠭᠡᠭᠡᠨ ᠳᠤ ᠢᠯᠡᠭᠦᠬᠡᠨ ᠤᠷᠤᠯᠴᠠᠵᠤ᠂ ᠰᠥᠨᠢᠳ ᠨᠤᠲᠤᠭ ᠤᠨ ᠢᠶᠠᠨ ᠰᠤᠳᠤᠨ ᠪᠥᠬᠡᠴᠢᠨ ᠪᠤᠯᠵᠤ ᠪᠤᠶᠢᠵᠢᠭᠠᠷᠠᠢ ᠭᠡᠵᠤ ᠢᠷᠥᠭᠡᠨᠡᠮ᠃
 
ᠢᠷᠡᠯᠲᠡ᠄ ᠰᠤᠨᠢᠳ ᠵᠡᠭᠦᠨ ᠬᠤᠰᠢᠭᠤᠨ ᠤ ᠮᠡᠨᠳᠡᠯᠲᠤ ᠬᠡᠥᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号