ᠰᠥᠨᠢᠳ ᠵᠡᠭᠦᠨ ᠬᠤᠰᠢᠭᠤᠨ ᠤ ᠮᠡᠨᠳᠡᠯᠲᠤ ᠬᠡᠥᠬᠡᠳ ᠤᠨ ᠴᠡᠴᠡᠷᠯᠢᠭ ᠨᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠭᠡᠷ ᠤᠨ ᠠᠬᠠᠮᠠᠳ ᠤᠨ ᠨᠡᠬᠡᠭᠡᠯᠲᠡ ᠶᠢᠨ ᠡᠳᠥᠷ ᠤᠨ ᠬᠥᠳᠡᠯᠭᠡᠭᠡᠨ ᠢᠶᠠᠨ ᠠᠮᠵᠢᠯᠲᠠ ᠎ ᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2019/8/28
      ᠮᠡᠨᠳᠡᠯᠲᠤ ᠬᠡᠥᠬᠡᠳ ᠤᠨ ᠴᠡᠴᠡᠷᠯᠢᠭ ᠨᠢ 8 ᠰᠠᠷ᠎ᠠ ᠶᠢᠨ 27᠎ ᠤ ᠡᠳᠥᠷ ᠤᠨ ᠥᠳᠡ ᠶᠢᠨ ᠡᠮᠥᠨ᠎ᠡ᠂ ᠰᠢᠨ᠎ᠡ ᠡᠯᠰᠡᠭᠰᠡᠨ ᠬᠡᠥᠬᠡᠳ ᠤᠨ ᠭᠡᠷ ᠤᠨ ᠠᠬᠠᠮᠠᠳ ᠢ ᠤᠷᠤᠯᠴᠠᠭᠤᠯᠤᠭᠰᠠᠨ ᠨᠡᠭᠡᠭᠡᠯᠲᠡ ᠶᠢᠨ ᠡᠳᠥᠷ ᠤᠨ ᠬᠥᠳᠡᠯᠭᠡᠭᠡᠨ ᠥᠷᠨᠢᠭᠦᠯᠪᠡ᠃ ᠬᠥᠳᠡᠯᠭᠡᠭᠡᠨ ᠳᠤ ᠴᠡᠴᠡᠷᠯᠢᠭ ᠤᠨ ᠤᠳᠤᠷᠢᠳᠬᠤ ᠪᠠᠭ᠂ ᠪᠠᠭ᠎ᠠ ᠠᠩᠬᠢ ᠶᠢᠨ ᠭᠡᠷ ᠤᠨ ᠠᠬᠠᠮᠠᠳ᠂ ᠬᠡᠰᠡᠭ ᠳᠤᠮᠳᠠ ᠠᠩᠬᠢ ᠶᠢᠨ ᠰᠢᠨ᠎ᠡ ᠡᠯᠰᠡᠭᠰᠡᠨ ᠬᠡᠥᠬᠡᠳ ᠤᠨ ᠭᠡᠷ ᠤᠨ ᠠᠬᠠᠮᠠᠳ᠂ ᠪᠠᠭ᠎ᠠ ᠠᠩᠬᠢ ᠶᠢᠨ ᠪᠠᠭᠰᠢ ᠨᠠᠷ ᠨᠡᠶᠢᠲᠡ ᠵᠠᠭᠤᠭᠠᠳ ᠬᠥᠮᠥᠨ ᠤᠷᠤᠯᠴᠠᠭᠰᠠᠨ ᠪᠠᠶᠢᠨ᠎ᠠ᠃       ᠬᠥᠳᠡᠯᠭᠡᠭᠡᠨ ᠤ ᠨᠢᠭᠡᠳᠦᠭᠡᠷ ᠲᠤ ᠭᠡᠷ ᠤᠨ ᠠᠬᠠᠮᠠᠳ ᠤᠨ ᠬᠤᠷᠠᠯ ᠢ ᠡᠷᠬᠢᠯᠡᠨ ᠶᠠᠪᠤᠭᠳᠠᠭᠤᠯᠵᠤ᠂ ᠭᠡᠷ ᠤᠨ ᠠᠬᠠᠮᠠᠳ ᠨᠠᠷ ᠲᠤ ᠴᠡᠴᠡᠷᠯᠢᠭ ᠤᠨ ᠥᠨᠳᠥᠰᠥᠨ ᠪᠠᠶᠢᠳᠠᠯ᠂ ᠵᠢᠭᠠᠨ ᠰᠤᠷᠭᠠᠵᠤ ᠠᠰᠠᠷᠠᠨ ᠬᠥᠮᠥᠵᠢᠭᠦᠯᠬᠦ ᠠᠵᠢᠯ᠂ ᠬᠡᠥᠬᠡᠳ ᠤᠨ ᠨᠢᠭᠡ ᠡᠳᠥᠷ ᠤᠨ ᠠᠮᠢᠳᠤᠷᠠᠯ ᠤᠨ ᠬᠡᠪ ᠵᠤᠷᠰᠢᠯ ᠤᠨ ᠰᠤᠷᠭᠠᠨ ᠬᠥᠮᠥᠵᠢᠯ᠂ ᠠᠮᠤᠷ ᠲᠥᠪᠰᠢᠨ ᠤ ᠠᠵᠢᠯ ᠤᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠥ᠂ ᠬᠤᠷᠠᠯ ᠤᠨ ᠳᠠᠷᠠᠭ᠎ᠠ ᠭᠡᠷ ᠤᠨ ᠠᠬᠠᠮᠠᠳ ᠨᠡᠷ ᠢ ᠳᠠᠭᠠᠭᠤᠯᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠤᠭᠤᠷᠢᠨ ᠥᠵᠡᠭᠦᠯᠵᠥ᠂ ᠴᠡᠴᠡᠷᠯᠢᠭ ᠤᠨ ᠠᠬᠤᠢ ᠠᠮᠢᠳᠤᠷᠠᠯ ᠤᠨ ᠲᠤᠬᠠᠢ ᠠᠩᠬ᠎ᠠ ᠠᠯᠬᠤᠮ ᠤᠨ ᠤᠶᠢᠯᠠᠭᠠᠯᠲᠠ ᠲᠠᠢ ᠪᠤᠯᠭᠠᠨ᠂ ᠴᠡᠴᠡᠷᠯᠢᠭ᠂ ᠭᠡᠷ ᠪᠥᠯᠢ ᠶᠢᠨ ᠬᠠᠮᠵᠢᠯᠴᠠᠭ᠎ᠠ ᠶᠢ ᠴᠢᠭᠭᠠᠳᠬᠠᠵᠤ᠂ ᠪᠠᠯᠴᠢᠷ ᠬᠡᠥᠬᠡᠳ ᠤᠨ ᠪᠡᠶ᠎ᠡ ᠰᠡᠳᠬᠢᠴᠡ ᠤᠨ ᠡᠷᠡᠭᠦᠯ ᠢᠶᠠᠷ ᠥᠰᠥᠨ ᠪᠤᠶᠢᠵᠢᠬᠤ ᠎ ᠶᠢ ᠠᠬᠢᠭᠤᠯᠬᠤ ᠨᠢᠭᠡᠨ ᠤᠳᠠᠭᠠᠨ ᠤ ᠬᠥᠳᠡᠯᠭᠡᠭᠡᠨ ᠪᠤᠯᠵᠤ ᠥᠨᠳᠥᠷᠯᠡᠵᠠᠢ᠃ ᠲᠤᠰ ᠤᠳᠠᠭᠠᠨ ᠤ ᠬᠥᠳᠡᠯᠭᠡᠭᠡᠨ ᠨᠢ ᠬᠤᠶᠢᠰᠢᠲᠠ ᠶᠢᠨ ᠴᠡᠴᠡᠷᠯᠢᠭ᠂ ᠭᠡᠷ ᠪᠥᠯᠢ ᠶᠢᠨ ᠬᠠᠮᠵᠢᠯᠴᠠᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠵᠤᠬᠢᠬᠤ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠮᠡᠨᠳᠡᠯᠲᠤ ᠬᠡᠥᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号