ᠰᠥᠨᠢᠳ ᠵᠡᠭᠦᠨ ᠬᠤᠰᠢᠭᠤᠨ ᠤ ᠮᠤᠩᠭᠤᠯ ᠥᠨᠳᠦᠰᠥᠲᠡᠨ ᠤ ᠬᠡᠥᠬᠡᠳ ᠤᠨ ᠴᠡᠴᠡᠷᠯᠢᠭ ᠨᠢ ᠭᠤᠴᠢᠨ ᠲᠠᠪᠤᠳᠠᠬᠢ ᠤᠳᠠᠭᠠᠨ ᠤ ︽ᠪᠠᠭᠰᠢ ᠶᠢᠨ ᠪᠠᠶᠠᠷ︾᠎ ᠢᠶᠠᠨ ᠪᠠᠶᠠᠷ ᠬᠥᠷ ᠪᠢᠯᠬᠠᠮ᠎ᠠ ᠲᠡᠮᠳᠡᠭᠯᠡᠯ᠎ᠡ
ᠨᠡᠶᠢᠲᠡᠯᠡᠭᠰᠡᠨ ᠴᠠᠭ᠄
2019/9/10
ᠬᠡᠥᠬᠡᠳ ᠤᠳ ᠬᠡᠯᠡ ᠳᠤ ᠳᠥᠩᠭᠡᠵᠤ ᠤᠷᠤᠮᠠᠭᠴᠠ ᠪᠠᠨ ︽ᠪᠠᠭᠰᠢ︾ ᠭᠡᠵᠥ ᠳᠠᠭᠤᠳᠠᠳᠠᠭ ᠨᠢ ᠴᠡᠴᠡᠷᠯᠢᠭ ᠤᠨ ᠪᠠᠭᠰᠢ ᠶᠤᠮ᠃ ᠬᠡᠥᠬᠡᠳ ᠤᠨ ᠠᠮᠢᠳᠤᠷᠠᠯ ᠤᠨ ᠠᠩᠬᠠᠨ ᠤ ︽ᠪᠠᠭᠰᠢ︾᠎ ᠨᠢ ᠭᠡᠵᠤ ᠴᠡᠴᠡᠷᠯᠢᠭ ᠤᠨ ᠪᠠᠭᠰᠢ ᠪᠠᠶᠢᠵᠤ ᠯᠡ ᠲᠠᠭᠠᠷᠠᠨ᠎ᠠ᠃ ᠬᠡᠥᠬᠡᠳ ᠤᠨ ᠡᠵᠢ ᠲᠠᠢ ᠪᠠᠨ ᠠᠳᠠᠯᠢ ᠲᠡᠪᠡᠷᠢᠭᠦᠯᠵᠤ ᠶᠠᠪᠤᠳᠠᠭ ᠨᠢ ᠭᠠᠭᠴᠠ ᠯᠡ ᠴᠡᠴᠡᠷᠯᠢᠭ ᠤᠨ ᠪᠠᠭᠰᠢ ᠨᠢ ᠪᠠᠶᠢᠭᠰᠠᠨ ᠶᠤᠮ᠃      ᠨᠢᠭᠡ᠂ 9 ᠰᠠᠷ᠎ᠠ ᠶᠢᠨ 10᠎ ᠤ ᠡᠳᠥᠷ ᠤᠨ ᠥᠳᠠ ᠶᠢᠨ ᠡᠮᠥᠨ᠎ᠡ᠂ ᠮᠠᠨ ᠤ ᠴᠡᠴᠡᠷᠯᠢᠭ ᠨᠢ 35᠎ ᠳᠠᠬᠢ ᠤᠳᠠᠭᠠᠨ ᠤ ︽ᠪᠠᠭᠰᠢ ᠶᠢᠨ ᠪᠠᠶᠠᠷ︾ ᠪᠤᠯᠬᠤ ᠲᠠᠰᠢᠷᠠᠮ ᠢᠶᠠᠷ 2018 ᠤᠨ ᠠᠴᠠ 2019 ᠤᠨ ᠤ ᠰᠤᠷᠤᠯᠭ᠎ᠠ ᠎ ᠶᠢᠨ ᠵᠢᠯ ᠤᠨ ᠰᠢᠯᠢᠳᠡᠭ ᠪᠠᠭᠰᠢ ᠠᠵᠢᠯᠲᠠᠨ ᠢᠶᠠᠨ ᠱᠠᠩᠨᠠᠨ ᠬᠥᠬᠢᠭᠦᠯᠪᠡ᠃ ᠲᠤᠰ ᠤᠳᠠᠭᠠᠨ ᠤ ᠱᠠᠩᠨᠠᠨ ᠬᠥᠬᠢᠭᠦᠯᠥᠯ ᠨᠢ ᠴᠡᠴᠡᠷᠯᠢᠭ ᠤᠨ ᠪᠠᠭᠰᠢ ᠠᠵᠢᠯᠲᠠᠨ ᠤ ᠬᠤᠶᠢᠰᠢᠲᠠ ᠶᠢᠨ ᠠᠵᠢᠯ ᠤᠨ ᠢᠳᠡᠪᠬᠢᠵᠢᠯ ᠵᠢᠴᠢ ᠴᠢᠷᠮᠠᠶᠢᠯᠭ᠎ᠠ ᠳᠤᠨᠢ ᠵᠤᠷᠢᠭᠵᠢᠭᠤᠯᠤᠯ ᠪᠤᠯᠬᠤ ᠨᠢ ᠭᠠᠷᠴᠠᠭ᠎ᠠ ᠥᠭᠡᠢ ᠶᠤᠮ᠃      ᠪᠠᠶᠠᠷ ᠤᠨ ᠡᠳᠥᠷ ᠲᠤ ᠬᠥᠷ ᠬᠥᠭᠵᠢᠶᠡᠨ ᠨᠡᠮᠡᠷᠢᠯᠬᠦ ᠶᠢᠨ ᠲᠤᠰᠠᠲᠠ ᠪᠥᠬᠦ ᠴᠡᠴᠡᠷᠯᠢᠭ ᠤᠨ ᠬᠡᠪᠴᠢᠶᠡᠨ ᠳᠤ ᠎ ᠪᠠᠨ ︽ᠲᠠᠭᠠᠮ᠎ᠠ ᠰᠢᠲᠠᠷ᠎ᠠ︾᠎ ᠶᠢᠨ ᠤᠷᠤᠯᠳᠤᠭᠠᠨ ᠶᠠᠪᠤᠭᠳᠠᠭᠤᠯᠤᠨ᠂ ᠴᠡᠴᠡᠷᠯᠢᠭ ᠤᠨ ᠪᠥᠬᠦ ᠪᠠᠭᠰᠢ ᠠᠵᠢᠯᠲᠠᠨ ᠤ ᠨᠥᠭᠦᠷᠯᠡᠯ ᠢ ᠤᠯᠠᠮ ᠨᠢᠭᠡᠨ ᠠᠯᠬᠤᠮ ᠵᠤᠵᠠᠳᠭᠠᠵᠤ᠂ ᠴᠡᠴᠡᠷᠯᠢᠭ ᠤᠨ ᠪᠥᠬᠦ ᠪᠠᠭᠰᠢ ᠠᠵᠢᠯᠲᠠᠨ ᠤ ᠨᠥᠬᠦᠷᠯᠡᠯ ᠢ ᠤᠯᠠᠮ ᠨᠢᠭᠡᠨ ᠠᠯᠬᠤᠮ ᠵᠤᠵᠠᠭᠠᠳᠬᠠᠵᠤ᠂ ᠠᠵᠢᠯ ᠤᠨ ᠳᠤᠮᠳᠠ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠳᠠᠪᠰᠢᠬᠤ ᠶᠢ ᠤᠷᠢᠶᠠᠯᠠᠵᠤ ᠴᠢᠳᠠᠭᠰᠠᠨ ᠪᠠᠶᠢᠨ᠎ᠠ᠃      ᠬᠤᠶᠠᠷ᠂ 9 ᠰᠠᠷ᠎ᠠ ᠶᠢᠨ10᠎ ᠤ ᠡᠳᠥᠷ ᠤ ᠥᠳᠡ ᠶᠢᠨ ᠬᠤᠶᠢᠨ᠎ᠠ ᠮᠠᠨ ᠤ ᠴᠡᠴᠡᠷᠯᠢᠭ ᠤᠨ ᠪᠥᠬᠦ ᠪᠠᠭᠰᠢ ᠠᠵᠢᠯᠲᠠᠨ ᠨᠢ ᠬᠤᠰᠢᠭᠤ ᠰᠤᠷᠭᠠᠨ ᠬᠥᠮᠥᠵᠢᠯ ᠤᠨ ᠳᠤᠪᠴᠢᠶᠠᠨ ᠠᠴᠠ ᠵᠤᠬᠢᠶᠠᠨ ᠪᠠᠶᠢᠭᠤᠯᠤᠭᠰᠠᠨ ᠤᠯᠥᠰ ᠪᠠᠶᠢᠭᠤᠯᠤᠳᠠᠭᠰᠠᠨ 70 ᠵᠢᠯ ᠤᠨ ᠤᠢ ᠵᠢᠴᠢ 35᠎ ᠳᠠᠬᠢ ᠤᠳᠠᠭᠠᠨ ᠤ  ︽ᠪᠠᠭᠰᠢ ᠶᠢᠨ ᠪᠠᠶᠠᠷ︾᠎ ᠤᠨ ᠱᠠᠩᠨᠠᠨ ᠬᠥᠬᠢᠭᠦᠯᠬᠦ ᠬᠤᠷᠠᠯ ᠳᠤ ᠤᠷᠤᠯᠴᠠᠭᠰᠠᠨ ᠪᠠᠶᠢᠨ᠎ᠠ᠃      ᠲᠤᠰ ᠤᠳᠠᠭᠠᠨ ᠤ ᠬᠤᠰᠢᠭᠤᠨ ᠤ ᠰᠢᠯᠢᠳᠡᠭ ᠳᠡᠰ ᠤᠨ ᠪᠠᠭᠰᠢ ᠠᠵᠢᠯᠲᠠᠨ ᠳᠤ ᠮᠠᠨ ᠤ ᠴᠡᠴᠡᠷᠯᠢᠭ ᠤᠨ ᠰᠢᠯᠢᠳᠡᠭ ᠠᠩᠬᠢ ᠶᠢᠨ ᠡᠷᠬᠢᠯᠡᠭᠴᠢ ᠨᠠᠶᠢᠭᠠᠯ ᠪᠠᠭᠰᠢ᠂ ᠰᠢᠯᠢᠳᠡᠭ ᠪᠠᠭᠰᠢ ᠤᠷᠠᠬᠤᠲᠤ᠂ ᠰᠢᠯᠢᠳᠡᠭ ᠰᠤᠷᠭᠠᠨ ᠬᠥᠮᠥᠵᠢᠯ ᠤᠨ ᠠᠵᠢᠯᠲᠠᠨ ᠲᠤᠶᠠᠭ᠎ᠠ᠂ ᠰᠢᠯᠢᠳᠡᠭ ᠶᠤᠰᠤ ᠰᠤᠷᠲᠠᠬᠤᠨ ᠤ ᠠᠵᠢᠯᠲᠠᠨ ᠨᠠᠷᠠᠨᠲᠤᠶᠠᠭ᠎ᠠ ᠵᠡᠷᠭᠡ ᠪᠠᠭᠰᠢ ᠠᠵᠢᠯᠲᠠᠨ ᠲᠤᠳᠤᠷᠠᠪᠠ᠃ ᠱᠠᠩᠨᠠᠨ ᠬᠥᠬᠢᠭᠦᠯᠥᠯ ᠤᠨ ᠳᠠᠷᠠᠭ᠎ᠠ ᠮᠠᠨ ᠤ ᠴᠡᠴᠡᠷᠯᠢᠭ ᠤᠨ ᠵᠠᠯᠠᠭᠤ ᠪᠠᠭᠰᠢ ᠨᠠᠷ ᠠᠴᠠ ᠬᠠᠮᠲᠤ ᠶᠢᠨ ᠪᠥᠵᠢᠭ ︽ᠮᠤᠩᠭᠤᠯᠵᠢᠨ ᠭᠤᠸ᠎ᠠ︾᠂ ᠴᠥᠷᠬᠡᠯᠡᠭᠡ ᠳᠠᠭᠤᠤ ᠵᠡᠷᠭᠡ ᠲᠥᠯᠥᠭᠡᠯᠡᠬᠦ ᠤᠷᠠᠨ ᠰᠠᠶᠢᠬᠠᠨ ᠤ ᠲᠤᠭᠯᠠᠯᠲᠠ ᠪᠠᠨ ᠬᠤᠰᠢᠭᠤᠨ ᠤ ᠰᠤᠷᠭᠠᠨ ᠬᠥᠮᠥᠵᠢᠯ ᠤᠨ ᠰᠢᠰᠲ᠋ᠧᠮ ᠤᠨ ᠪᠠᠭᠰᠢ ᠠᠵᠢᠯᠲᠠᠨ ᠳᠤ ᠡᠷᠭᠦᠨ ᠲᠤᠯᠢᠯᠠᠭᠤᠯᠤᠭᠰᠠᠨ ᠶᠤᠮ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠮᠤᠩᠭᠤᠯ ᠥᠨᠳᠦᠰᠥᠲᠡᠨ ᠤ ᠬᠡᠥᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号