ᠰᠥᠨᠢᠳ ᠵᠡᠭᠦᠨ ᠬᠤᠰᠢᠭᠤᠨ ᠤ ᠮᠡᠨᠳᠡᠯᠲᠤ ᠬᠡᠥᠬᠡᠳ ᠤᠨ ᠴᠡᠴᠡᠷᠯᠢᠭ ᠨᠢ ᠬᠤᠰᠢᠭᠤ ᠵᠢᠭᠠᠬᠤ ᠶᠢ ᠰᠤᠳᠤᠯᠠᠬᠤ ᠲᠠᠰᠤᠭ ᠤᠨ ᠡᠷᠬᠢᠯᠡᠨ ᠶᠠᠪᠤᠭᠳᠠᠭᠤᠯᠤᠭᠰᠠᠨ ︽ᠪᠥᠬᠦ ᠬᠤᠰᠢᠭᠤᠨ ᠤ ᠳᠤᠮᠳᠠᠲᠤ ᠪᠠᠭ᠎ᠠ᠂ ᠴᠡᠴᠡᠷᠯᠢᠭ ᠤᠨ ᠪᠠᠭᠰᠢᠨᠠᠷ ᠤᠨ ᠵᠢᠭᠠᠨ ᠰᠤᠷᠭᠠᠬᠤ ᠴᠢᠳᠠᠪᠤᠷᠢᠲᠠᠨ ᠤ ᠤᠷᠤᠯᠳᠤᠭᠠᠨ︾᠎ ᠳᠤ ᠢᠳᠡᠪᠬᠢᠲᠡᠢ ᠤᠷᠤᠯᠴᠠᠪᠠ
ᠨᠡᠶᠢᠲᠡᠯᠡᠭᠰᠡᠨ ᠴᠠᠭ᠄
2019/9/16
       9 ᠰᠠᠷ᠎ᠠ ᠶᠢᠨ 16᠎ ᠤ ᠡᠳᠥᠷ ᠠᠴᠠ ᠡᠬᠢᠯᠡᠨ ᠬᠤᠰᠢᠭᠤ ᠵᠢᠭᠠᠬᠤ ᠶᠢ ᠰᠤᠳᠤᠯᠠᠬᠤ ᠲᠠᠰᠤᠭ ᠨᠢ ᠪᠥᠬᠦ ᠬᠤᠰᠢᠭᠤᠨ ᠤ ᠳᠤᠮᠳᠠᠲᠤ ᠪᠠᠭ᠎ᠠ ᠰᠤᠷᠭᠠᠭᠤᠯᠢ᠂ ᠴᠡᠴᠡᠷᠯᠢᠭ ᠤᠨ ᠪᠠᠭᠰᠢᠨᠠᠷ ᠤᠨ ᠵᠢᠭᠠᠨ ᠰᠤᠷᠭᠠᠬᠤ ᠴᠢᠳᠠᠪᠤᠷᠢᠲᠠᠨ ᠎ ᠤ ᠤᠷᠤᠯᠳᠤᠭᠠᠨ ᠢᠶᠠᠨ ᠡᠷᠬᠢᠯᠡᠨ ᠶᠠᠪᠤᠭᠳᠠᠭᠤᠯᠪᠠ᠃ ᠲᠤᠰ ᠤᠳᠠᠭᠠᠨ ᠤ ᠤᠷᠤᠯᠳᠤᠭᠠᠨ ᠨᠢ ᠪᠠᠭᠰᠢᠨᠠᠷ ᠤᠨ ᠬᠢᠴᠢᠶᠡᠯᠯᠡᠭᠡ᠂ ᠬᠢᠴᠢᠶᠡᠯ ᠶᠠᠷᠢᠬᠤ᠂ ᠠᠵᠢᠯ ᠤᠨ ᠬᠢᠷᠢ ᠪᠥᠲᠥᠮᠵᠢ᠂ ᠥᠭᠦᠯᠡᠯ ᠵᠡᠷᠭᠡ ᠲᠠᠯ᠎ᠠ ᠪᠠᠷ ᠥᠨᠡᠯᠡᠯᠲᠠ ᠬᠢᠵᠥ᠂ ᠰᠢᠯᠭᠠᠷᠠᠭᠤᠯᠬᠤ ᠪᠤᠯᠤᠨ᠎ᠠ᠃ ᠡᠭᠦᠨ ᠳᠤ ᠮᠠᠨ ᠤ ᠴᠡᠴᠡᠷᠯᠢᠭ ᠠᠴᠠ ᠤᠷᠠᠯᠢᠭ᠂ ᠯᠢ ᠴᠥᠨ ᠯᠧ᠂ ᠤᠶᠤᠨᠲᠤᠩᠭᠠᠯᠠᠭ ᠂ ᠰᠢᠵᠢᠷ᠂ ᠯᠤ᠋ ᠮᠢᠨ ᠵᠡᠷᠭᠡ ᠲᠠᠪᠤᠨ ᠪᠠᠭᠰᠢ ᠥᠪᠡᠷ ᠥᠪᠡᠷ ᠤᠨ ᠰᠡᠳᠬᠢᠮᠵᠢᠯᠡᠭᠰᠡᠨ ᠥᠵᠡᠭᠦᠯᠥᠯᠭᠡ ᠶᠢᠨ ᠬᠥᠲᠡᠯᠪᠥᠷᠢ ᠪᠠᠨ ᠥᠷᠨᠢᠭᠦᠯᠵᠤ᠂ ᠤᠷᠤᠯᠳᠤᠭᠠᠨ ᠳᠤ ᠢᠳᠡᠪᠬᠢᠲᠡᠢ ᠤᠷᠤᠯᠴᠠᠭᠰᠠᠨ ᠪᠠᠶᠢᠨ᠎ᠠ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠮᠡᠨᠳᠡᠯᠲᠤ ᠬᠡᠥᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号