ᠮᠡᠨᠳᠡᠯᠲᠤ ᠬᠡᠥᠬᠡᠳ ᠤᠨ ᠴᠡᠴᠡᠷᠯᠢᠭ ᠨᠢ ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠎ ᠶᠢ ᠪᠡᠯᠭᠡᠯᠡᠬᠦ ᠠᠵᠢᠯᠯᠠᠭ᠎ᠠ ᠪᠠᠨ ᠠᠮᠵᠢᠯᠳᠠ ᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2019/9/30
       ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠬᠥᠷᠴᠥ ᠢᠷᠡᠬᠦ ᠡᠨᠡᠬᠦ ᠪᠠᠶᠠᠷᠲᠤ ᠮᠥᠴᠡ ᠳᠤ ᠮᠡᠨᠳᠡᠯᠲᠤ ᠬᠡᠥᠬᠡᠳ ᠤᠨ ᠴᠡᠴᠡᠷᠯᠢᠭ ᠨᠢ ᠤᠯᠤᠰ ᠥᠨᠳᠤᠰᠤᠲᠡᠨ ᠤ ᠥᠩᠭᠡ ᠭᠡᠷᠡᠯᠲᠥ ᠴᠠᠭ ᠥᠶ᠎ᠡ ᠶᠢ ᠲᠤᠷᠠᠰᠬᠠᠵᠤ᠂ ᠪᠥᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠬᠠᠷᠠᠭᠤᠯᠤᠭᠰᠠᠨ ︽ᠡᠬᠡ ᠤᠷᠤᠨ ᠎ ᠲᠠᠢ ᠪᠠᠨ ᠬᠥᠰᠡᠯ ᠨᠢᠭᠡᠲᠡᠢ᠂ ᠰᠢᠨ᠎ᠡ ᠴᠠᠭ ᠥᠶ᠎ᠡ ᠶᠢᠨ ᠡᠷᠡᠬᠡᠢ ᠪᠥᠪᠡᠢ ᠪᠤᠯᠵᠤ ᠬᠥᠮᠥᠵᠢᠶ᠎ᠡ︾ ᠭᠡᠬᠦ ᠠᠵᠢᠯᠯᠠᠭ᠎ᠠ ᠎ ᠪᠠᠨ 2019 ᠤᠨ ᠤ 9 ᠰᠠᠷ᠎ᠠ ᠶᠢᠨ 30᠎ ᠤ ᠥᠳᠡ ᠶᠢᠨ ᠡᠮᠥᠨ᠎ᠡ ᠠᠮᠵᠢᠯᠲᠠ ᠲᠠᠢ ᠶᠠᠪᠤᠭᠳᠠᠭᠤᠯᠤᠯ᠎ᠠ᠃       ᠲᠤᠰ ᠤᠳᠠᠭᠠᠨ ᠤ ᠠᠵᠢᠯᠯᠠᠭ᠎ᠠ ᠳᠤ ᠬᠤᠰᠢᠭᠤ ᠰᠤᠷᠭᠠᠨ ᠬᠥᠮᠥᠵᠢᠯ ᠤᠨ ᠳᠤᠪᠴᠢᠶ᠎ᠠ᠂ ᠮᠤᠩᠭᠤᠯ ᠪᠠᠭ᠎ᠠ ᠰᠤᠷᠭᠠᠭᠤᠯᠢ ᠶᠢᠨ ᠤᠳᠤᠷᠢᠳᠤᠯᠭ᠎ᠠ ᠪᠤᠯᠤᠨ ᠭᠡᠷ ᠤᠨ ᠠᠬᠠᠮᠠᠳ ᠨᠠᠷ ᠮᠤᠷᠢᠯᠠᠨ ᠰᠠᠭᠠᠲᠠᠵᠤ᠂ ᠡᠯ᠎ᠡ ᠠᠩᠬᠢ ᠨᠢᠭᠡᠴᠡ᠂ ᠭᠡᠷ ᠤᠨ ᠠᠬᠠᠮᠠᠳ᠂ ᠪᠠᠭᠰᠢ ᠠᠵᠢᠯᠲᠠᠨ ᠨᠢ ᠤᠷᠤᠭᠰᠢᠯᠠᠯᠲᠠ ᠶᠢᠨ ᠳᠠᠭᠤᠨ ᠤ ᠳᠤᠮᠳᠠ ᠲᠠᠯᠠᠪᠠᠢ ᠳᠤ ᠤᠷᠤᠵᠤ᠂ ᠤᠯᠤᠰ ᠤᠨ ᠲᠤᠭ ᠮᠠᠨᠳᠣᠭᠤᠯᠬᠤ ᠶᠤᠰᠤᠯᠠᠯ ᠶᠠᠪᠤᠭᠳᠠᠭᠤᠯᠤᠭᠰᠠᠨ ᠪᠠ ᠡᠯ᠎ᠡ ᠤᠨ ᠤ ᠳᠤᠭᠤᠶᠢᠯᠠᠩ ᠠᠴᠠ ᠲᠤᠰᠬᠠᠢ ᠪᠡᠯᠡᠳᠬᠡᠭᠰᠡᠨ ᠡᠬᠡ ᠤᠯᠤᠰ ᠢᠶᠠᠨ ᠪᠠᠭ᠋ᠠᠲᠠᠨ ᠳᠠᠭᠤᠯᠠᠭᠰᠠᠨ ᠭᠤᠶᠢᠲᠠ ᠰᠠᠶᠢᠬᠠᠨ ᠤᠳᠬ᠎ᠠ ᠠᠭᠤᠯᠭ᠎ᠠ ᠪᠥᠬᠦᠢ ᠲᠤᠭᠯᠠᠯᠲᠠ ᠪᠠᠨ ᠭᠠᠷᠭᠠᠵᠤ᠂ ᠪᠠᠭᠰᠢ ᠭᠡᠷ ᠤᠨ ᠠᠬᠠᠮᠠᠳ ᠨᠢ ᠴᠥ ᠬᠠᠮᠲᠤ ᠪᠠᠷ ᠤᠷᠭᠢᠯᠤᠮ᠎ᠠ ᠬᠠᠯᠠᠭᠤᠨ ᠰᠡᠳᠬᠢᠯᠭᠡ ᠎ ᠪᠠᠷ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠪᠠᠨ ᠡᠷᠭᠦᠯ᠎ᠡ᠃       ᠡᠬᠡ ᠤᠯᠤᠰ ᠤᠨ ᠢᠶᠠᠨ ᠭᠡᠷᠡᠯ ᠰᠠᠴᠤᠷᠠᠩᠭᠤᠢ 70 ᠵᠢᠯ ᠤᠨ ᠤᠢ ᠶᠢᠨ ᠪᠠᠶᠠᠷ ᠢ ᠪᠡᠯᠭᠡᠯᠡᠬᠦ ᠡᠨᠡᠬᠦ ᠠᠵᠢᠯᠯᠠᠭ᠎ᠠ ᠳᠤ ᠬᠡᠥᠬᠡᠳ ᠤᠳ ᠭᠠᠷ ᠬᠥᠳᠥᠯᠥᠯᠴᠡᠨ᠂ ᠤᠯᠠᠨ ᠶᠠᠩᠵᠤ ᠶᠢᠨ ᠭᠠᠷ ᠤᠷᠠᠯᠠᠯ ᠤᠨ ᠪᠥᠲᠥᠭᠡᠯ ᠬᠢᠵᠤ᠂ ᠭᠡᠷ ᠤᠨ ᠠᠬᠠᠮᠠᠳ ᠪᠠᠭᠰᠢ ᠨᠠᠷ ᠤᠨ ᠬᠠᠮᠳᠣᠷᠠᠯᠴᠠᠭᠰᠠᠨ ᠪᠥᠲᠥᠭᠡᠯ ᠤᠨ ᠥᠵᠡᠭᠦᠯᠥᠯᠭᠡ ᠡᠷᠬᠢᠯᠡᠨ᠂ ᠤᠯᠤᠰ ᠥᠨᠳᠥᠰᠥᠲᠡᠨ ᠢᠶᠠᠨ ᠪᠠᠭ᠋ᠠᠲᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠭᠰᠡᠨ ᠪᠠ ᠬᠥᠳᠡᠯᠭᠡᠭᠡᠨ ᠢᠶᠠᠷ ᠳᠠᠮᠵᠢᠨ ᠪᠠᠯᠴᠢᠷ ᠬᠡᠥᠬᠡᠳ ᠲᠤ ᠬᠠᠷᠠᠬᠠᠨ ᠪᠠᠭ᠎ᠠ ᠠᠴᠠ ᠨᠢ ᠤᠯᠤᠰ ᠥᠨᠳᠥᠰᠥᠲᠡᠨ ᠤ ᠪᠥᠯᠬᠦᠮᠳᠡᠯ ᠨᠢᠭᠲᠠᠷᠠᠯ ᠤᠨ ᠲᠤᠬᠠᠢ ᠤᠶᠢᠯᠠᠭᠠᠭᠲᠠᠬᠤᠨ ᠲᠠᠢ ᠪᠤᠯᠭᠠᠵᠤ᠂ ᠲᠡᠳᠡᠨ ᠳᠤ ᠡᠬᠡ ᠤᠯᠤᠰ ᠢᠶᠠᠨ ᠬᠠᠶᠢᠷᠠᠯᠠᠬᠤ ᠬᠥᠮᠥᠵᠢᠯ ᠬᠥᠷᠲᠡᠭᠡᠭᠰᠡᠨ ᠨᠢᠭᠡ ᠤᠳᠠᠭᠠᠨ ᠤ ᠲᠤᠮᠤᠬᠠᠨ ᠠᠵᠢᠯᠯᠠᠭ᠎ᠠ ᠪᠤᠯᠵᠤ ᠥᠨᠳᠥᠷᠯᠡᠪᠡ᠃
 
ᠢᠷᠡᠯᠲᠡ᠄ ᠮᠡᠨᠳᠡᠯᠲᠤ ᠬᠡᠥᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号