ᠰᠥᠨᠢᠳ ᠵᠡᠭᠦᠨ ᠬᠤᠰᠢᠭᠤᠨ ᠤ ᠮᠡᠨᠳᠡᠯᠲᠤ ᠬᠡᠥᠬᠡᠳ ᠤᠨ ᠴᠡᠴᠡᠷᠯᠢᠭ ᠨᠢ ︽ᠴᠡᠴᠡᠷᠯᠢᠭ ᠡᠬᠢᠯᠡᠬᠦ ᠨᠢᠭᠡᠳᠥᠭᠡᠷ ᠬᠢᠴᠢᠶᠡᠯ﹀﹀᠎ ᠤᠨ ᠬᠥᠳᠡᠯᠭᠡᠭᠡᠨ ᠢᠶᠠᠨ ᠠᠮᠵᠢᠯᠲᠠ ᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2019/9/6
      ᠰᠢᠨ᠎ᠡ ᠳᠤᠮᠳᠠᠲᠤ ᠤᠯᠥᠰ ᠪᠠᠶᠢᠭᠤᠯᠤᠭᠳᠠᠭᠰᠠᠨ 7 0 ᠵᠢᠯ ᠤᠨ ᠤᠢ ᠶᠢᠨ ᠪᠠᠶᠠᠷ ᠬᠥᠷᠵᠤ ᠢᠷᠡᠵᠤ ᠪᠠᠶᠢᠬᠤ ᠲᠠᠰᠢᠷᠠᠮ ᠢᠶᠠᠷ᠂ ᠪᠠᠯᠴᠢᠷ ᠬᠡᠥᠬᠡᠳ ᠤᠨ ᠨᠢᠯᠬ᠎ᠠ ᠤᠶᠤᠨ ᠳᠤ ᠡᠬᠡ ᠤᠯᠤᠰ ᠢᠶᠠᠨ ᠬᠠᠶᠢᠷᠠᠯᠠᠬᠤ᠂ ᠲᠥᠷᠥᠭᠰᠡᠨ ᠨᠤᠲᠤᠭ ᠢᠶᠠᠨ ᠬᠠᠶᠢᠷᠠᠯᠠᠬᠤ᠂ ᠥᠨᠳᠥᠰᠥᠲᠡᠨ ᠢᠶᠠᠨ ᠬᠠᠶᠢᠷᠠᠯᠠᠬᠤ  ᠲᠠᠨᠢᠯᠲᠠ ᠶᠢ ᠤᠷᠭᠤᠭᠤᠯᠬᠤ ᠡᠭᠦᠳᠡᠨ ᠠᠴᠠ ᠮᠠᠨ ᠎ ᠤ ᠴᠡᠴᠡᠷᠯᠢᠭ ᠨᠢ 9 ᠰᠠᠷᠠᠶᠢᠨ 2᠎ ᠤ ᠡᠳᠥᠷ ᠠᠴᠠ 6᠎ ᠤ ᠡᠳᠥᠷ ᠬᠥᠷᠲᠡᠯ᠎ᠡ ︽ᠴᠡᠴᠡᠷᠯᠢᠭ ᠡᠬᠢᠯᠡᠬᠦ ᠨᠢᠭᠡᠳᠥᠭᠡᠷ ᠬᠢᠴᠢᠶᠡᠯ﹀﹀᠎ ᠤᠨ ᠬᠥᠳᠡᠯᠭᠡᠭᠡᠨ ᠥᠷᠨᠢᠭᠦᠯᠵᠤ᠂ ᠬᠥᠳᠡᠯᠭᠡᠭᠡᠨ ᠢᠶᠠᠨ ᠤᠯᠤᠰ ᠤᠨ ᠲᠤᠭ ᠮᠠᠨᠳᠣᠭᠤᠯᠬᠤ᠂ ᠤᠯᠤᠰ ᠤᠨ ᠲᠤᠭ ᠢᠶᠠᠨ ᠵᠢᠷᠤᠬᠤ᠂ ᠡᠬᠡ ᠤᠯᠤᠰ᠂ ᠤᠷᠤᠨ ᠨᠤᠲᠤᠭ ᠤᠨ ᠢᠶᠠᠨ ᠨᠠᠷᠡᠲᠤ ᠭᠠᠵᠠᠷ ᠲᠠᠢ ᠲᠠᠨᠢᠯᠴᠠᠬᠤ ᠵᠡᠷᠭᠡ ᠪᠠᠶᠠᠯᠢᠭ ᠰᠠᠶᠢᠬᠠᠨ ᠠᠭᠤᠯᠭ᠎ᠠ ᠪᠠᠷ ᠶᠠᠪᠤᠭᠳᠠᠭᠤᠯᠤᠭᠰᠠᠨ ᠪᠠᠶᠢᠨ᠎ᠠ᠃       ᠲᠤᠰ ᠤᠳᠠᠭᠠᠨ ᠤ ᠬᠥᠳᠡᠯᠭᠡᠭᠡᠨ ᠨᠢ ᠮᠠᠰᠢ ᠤᠳᠬ᠎ᠠ ᠠᠭᠤᠯᠭ᠎ᠠ ᠲᠠᠢ ᠮᠥᠷᠲᠡᠭᠡᠨ ᠬᠢᠵᠠᠭᠠᠷᠯᠠᠰᠢ ᠥᠭᠡᠢ ᠪᠠᠶᠠᠷ ᠪᠠᠭ᠋ᠠᠲᠤᠯ ᠢ ᠠᠪᠴᠢᠷᠠᠭᠰᠠᠨ ᠢᠶᠠᠷ ᠪᠠᠷᠠᠬᠤ ᠥᠭᠡᠢ᠂ ᠬᠡᠥᠬᠡᠳ ᠲᠤ ᠬᠠᠷᠠᠬᠠᠨ ᠪᠠᠭ᠎ᠠ ᠠᠴᠠ ᠪᠠᠨ ᠡᠬᠡ ᠤᠯᠤᠰ᠂ ᠲᠥᠷᠥᠭᠰᠡᠨ ᠨᠤᠲᠤᠭ᠂ ᠥᠨᠳᠥᠰᠥᠲᠡᠨ ᠢᠶᠠᠨ ᠪᠠᠭ᠋ᠠᠷᠬᠠᠨ ᠬᠠᠶᠢᠷᠠᠯᠠᠵᠤ᠂ ᠬᠥᠨᠳᠥᠳᠬᠡᠬᠦ ᠬᠥᠮᠥᠵᠢᠯ ᠢ ᠬᠥᠷᠲᠡᠭᠡᠭᠰᠡᠨ ᠪᠠᠶᠢᠨ᠎ᠠ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠮᠡᠨᠳᠡᠯᠲᠤ ᠬᠡᠥᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号