ᠪᠦᠬᠦ ᠬᠤᠰᠢᠭᠤᠨ ᠤ ᠮᠠᠯᠴᠢᠨ ᠲᠦᠮᠡᠨ ᠳᠡᠭᠡᠨ ᠢᠯᠡᠬᠡᠬᠦ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2020/3/12
ᠦᠷᠭᠡᠨ ᠣᠯᠠᠨ ᠮᠠᠯᠴᠢᠨ ᠳᠦᠮᠡᠨ ᠮᠢᠨᠢ᠄                               ᠰᠠᠶᠢᠨ ᠪᠠᠶᠢᠵᠠᠭᠠᠨᠠᠤ ᠤᠤ︖ ᠰᠠᠶᠢᠬᠠᠨ ᠬᠠᠪᠣᠷᠵᠢᠵᠦ ᠪᠠᠶᠢᠨᠠᠤ︖         ᠶᠠᠭᠤᠨ ᠤ ᠣᠷᠢᠳ᠂ ᠲᠠ ᠪᠦᠬᠦᠨ ᠤ ᠢᠶᠠᠨ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠪᠣᠯᠣᠭᠰᠠᠨ ᠭᠦᠨᠳᠦ ᠬᠡᠴᠡᠭᠦᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠠᠴᠠ ᠴᠢᠬᠤᠯᠠ ᠲᠠᠶᠢᠯᠠᠯᠳᠣᠭᠠᠨ ᠳᠤ᠂ ᠬᠤᠰᠢᠭᠤ ᠨᠠᠮ ᠵᠠᠰᠠᠭ ᠤᠨ ᠢᠶᠠᠨ ᠵᠦᠪ ᠣᠨᠣᠪᠴᠢᠲᠠᠢ ᠣᠳᠣᠷᠢᠳᠣᠯᠭ᠎ᠠ ᠪᠠ ᠣᠷᠢᠶᠠᠯᠠᠭ᠎ᠠ ᠶᠢ ᠢᠳᠡᠪᠬᠢᠲᠠᠢ ᠴᠣᠣᠷᠢᠶᠠᠯᠠᠨ ᠳᠠᠭᠠᠵᠤ᠂ ᠵᠦᠪ ᠲᠠᠨᠢᠯᠳᠠ᠂ ᠲᠡᠭᠡᠳᠣ ᠬᠠᠷᠢᠭᠤᠴᠠᠯᠭᠠᠳᠦ ᠰᠡᠳᠬᠢᠯᠭᠡ ᠪᠠᠷ ᠰᠡᠷᠭᠡᠶᠢᠯᠡᠨ ᠡᠵᠡᠮᠳᠡᠬᠦ ᠠᠵᠢᠯ ᠳᠤ ᠰᠠᠶᠢᠳᠤᠷ ᠬᠠᠮᠵᠢᠯᠴᠠᠨ᠂ ᠰᠢᠨ᠎ᠡ ᠴᠠᠭ ᠦᠶ᠎ᠡ ᠶᠢᠨ ᠮᠠᠯᠴᠢᠨ ᠠᠷᠠᠳ ᠤᠨ ᠪᠣᠯᠪᠠᠰᠣᠨ ᠬᠦᠴᠦᠷᠬᠡᠭ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠂ ᠰᠡᠷᠭᠡᠶᠢᠯᠡᠨ ᠡᠵᠡᠮᠳᠡᠬᠦ ᠲᠠᠶᠢᠯᠠᠯᠳᠣᠭᠠᠨ ᠤ ᠭᠤᠣᠯ ᠹᠠᠷᠣᠠᠲ ᠲᠡᠭᠡᠷ᠎ᠡ ᠰᠢᠷᠣᠩᠬᠤᠶᠢᠯᠠᠵᠦ ᠪᠠᠶᠢᠭ᠎ᠠ᠂ ᠡᠷᠬᠢᠮ ᠲᠡᠭᠡᠳᠦ ᠦᠵᠡᠯ ᠰᠣᠷᠳᠠᠯ᠂ ᠦᠢᠯᠡ ᠠᠵᠢᠯᠯᠠᠭᠠᠨ ᠳᠤ ᠴᠢᠨᠢ ᠴᠢᠩ ᠦᠨᠡᠨ ᠤ ᠪᠠᠶᠠᠷ ᠲᠠᠯᠠᠷᠬᠠᠯ ᠪᠠ ᠭᠦᠨᠳᠦ ᠢᠳᠡᠭᠡᠯ ᠢᠶᠠᠨ ᠲᠡᠪᠰᠢᠭᠦᠯᠵᠦ ᠪᠠᠶᠢᠨ᠎ᠠ᠃        ᠣᠷᠴᠢᠮ ᠤᠨ ᠬᠤᠭᠤᠴᠠᠭᠠᠨ ᠳᠤ ᠮᠠᠨ ᠤ ᠬᠤᠰᠢᠭᠤᠨ ᠤ ᠬᠡᠰᠡᠭ ᠪᠦᠯᠦᠭ ᠰᠣᠮᠣ ᠭᠠᠴᠠᠭ᠎ᠠ᠂ ᠮᠠᠯᠴᠢᠨ ᠡᠷᠦᠭᠡ ᠳᠤ ᠦᠨᠡᠭᠡ ᠵᠡᠷᠭᠡ ᠭᠡᠭᠡᠷ᠎ᠡ ᠶᠢᠨ ᠠᠮᠢᠳᠠᠨ ᠭᠡᠷ ᠤᠨ ᠮᠠᠯ ᠳᠡᠵᠢᠭᠡᠪᠦᠷᠢ ᠶᠢ ᠳᠠᠭᠠᠷᠢᠵᠤ᠂ ᠭᠠᠯᠵᠠᠭᠤ ᠡᠪᠡᠳᠴᠢᠨ ᠡᠬᠦᠰᠭᠡᠵᠦ ᠪᠠᠶᠢᠭ᠎ᠠ ᠪᠠᠶᠢᠳᠠᠯ ᠭᠠᠷᠴᠦ ᠪᠠᠶᠢᠨ᠎ᠠ᠃ ᠡᠨᠡᠬᠦ ᠭᠠᠯᠵᠠᠭᠤ ᠡᠪᠡᠳᠴᠢᠨ ᠨᠢ ᠭᠦᠮᠦᠨ ᠮᠠᠯ ᠳᠤ ᠬᠠᠯᠳᠠᠪᠤᠷᠢᠯᠠᠳᠠᠭ᠂ ᠨᠢᠭᠤᠭᠳᠠᠮᠠᠯ ᠬᠤᠭᠤᠴᠠᠭ᠎ᠠ ᠨᠢ ᠣᠷᠳᠣ᠂ ᠮᠠᠯ ᠲᠡᠵᠢᠭᠡᠪᠦᠷᠢ ᠶᠢ ᠦᠭᠦᠭᠦᠯᠬᠦ ᠨᠣᠷᠮ᠎ᠠ ᠨᠡᠯᠢᠶᠡᠳ ᠦᠨᠳᠦᠷ᠂ ᠬᠠᠯᠳᠠᠪᠦᠷᠢᠯᠠᠭᠰᠠᠨ ᠮᠠᠯ ᠳᠤ ᠰᠢᠯᠣᠰᠣ ᠭᠤᠭᠤᠵᠢᠬᠤ᠂ ᠲᠣᠭᠰᠢᠷᠠᠨ ᠣᠯᠠᠩᠭᠠᠰᠬᠤ᠂ ᠵᠦᠭ ᠴᠢᠭ ᠦᠭᠡᠢ ᠬᠦᠶᠦᠵᠦ ᠲᠠᠭᠠᠷᠢᠬᠤ᠂ ᠢᠳᠡᠰᠢᠨ ᠲᠣᠷᠠᠰᠢᠯ ᠮᠠᠭᠤᠳᠠᠬᠤ ᠵᠡᠷᠭᠡ ᠢᠯᠡᠷᠡᠯ ᠭᠠᠷᠳᠠᠭ᠃ ᠡᠶᠢᠮᠦ ᠠᠴᠠ ᠮᠠᠯᠴᠢᠨ ᠲᠦᠮᠡᠨ ᠮᠢᠨᠢ ᠠᠷᠠᠴᠢᠯᠠᠯᠭ᠎ᠠ ᠲᠣᠳᠣᠮᠳᠠᠯᠭ᠎ᠠ ᠶᠢᠨ ᠶᠠᠪᠣᠴᠠ ᠳᠠᠭᠠᠨ ᠢᠯᠡᠭᠦᠭᠡᠨ ᠠᠩᠬᠠᠷᠴᠦ᠂ ᠮᠠᠯ ᠰᠦᠷᠦᠭ ᠲᠡᠭᠡᠨ ᠢᠯᠡᠭᠦᠭᠡᠨ ᠠᠵᠢᠭᠯᠠᠯᠳᠠ ᠰᠢᠨᠵᠢᠯᠳᠠ ᠬᠢᠵᠦ᠂ ᠮᠠᠯ ᠰᠦᠷᠦᠭ ᠤᠨ ᠭᠡᠭᠡᠷ᠎ᠡ ᠶᠢᠨ ᠠᠮᠢᠳᠠᠨ ᠳᠤ ᠬᠡᠨᠡᠳᠡᠬᠦ ᠠᠴᠠ ᠣᠨᠴᠠ ᠰᠡᠷᠡᠮᠵᠢᠯᠡᠨ᠂ ᠲᠣᠣᠷ ᠭᠦᠷᠢᠶ᠎ᠡ᠂ ᠬᠠᠰᠢᠶ᠎ᠠ ᠰᠠᠷᠠᠪᠴᠢ ᠪᠠᠨ ᠰᠠᠶᠢᠳᠣᠷ ᠪᠠᠬᠢᠯᠡᠵᠦ᠂ ᠬᠤᠳᠠ ᠭᠦᠷᠢᠶ᠎ᠡ᠂ ᠬᠤᠳᠳᠤᠭ ᠣᠰᠣ᠂ ᠭᠡᠷ ᠣᠷᠣᠨ ᠢᠶᠠᠨ ᠢᠯᠡᠭᠦᠭᠡᠨ ᠠᠷᠢᠭᠤᠳᠬᠠᠨ ᠴᠡᠪᠡᠷᠯᠡᠬᠦ ᠶᠢ ᠣᠨᠴᠠ ᠠᠩᠬᠠᠷᠣᠭᠠᠷᠠᠢ︕ ᠭᠠᠯᠵᠠᠭᠤ ᠡᠪᠡᠳᠴᠢᠨ ᠤ ᠰᠡᠵᠢᠭᠯᠡᠯᠳᠠᠢ ᠮᠠᠯ ᠳᠡᠵᠢᠬᠡᠪᠦᠷᠢ ᠪᠠ ᠬᠡᠬᠡᠷ᠎ᠡ ᠶᠢᠨ ᠠᠮᠢᠳᠠᠨ ᠤ ᠦᠭᠦᠳᠡᠯ ᠭᠡᠭᠦᠷ ᠢ ᠪᠣᠬᠢᠷᠳᠣᠯ ᠦᠭᠡᠢ ᠰᠢᠳᠠᠭᠠᠨ ᠰᠢᠢᠳᠪᠦᠷᠢᠯᠡᠬᠦ᠂ ᠠᠯᠬᠤᠮ ᠲᠠᠷᠠᠭ᠎ᠠ᠂ ᠠᠷᠭ᠎ᠠ ᠠᠪᠴᠠᠯ ᠢ ᠰᠢᠨᠵᠢᠯᠡᠬᠦ ᠣᠬᠠᠭᠠᠠᠴᠢ ᠪᠠᠷ ᠡᠵᠡᠮᠳᠡᠨ᠂ ᠴᠠᠭ ᠲᠣᠬᠠᠢ ᠳᠤᠨᠢ ᠰᠣᠮᠣ ᠪᠠᠯᠭᠠᠰᠤ᠂ ᠭᠠᠴᠠᠭᠠᠨ ᠳᠠᠭᠠᠨ ᠲᠦᠷᠭᠡᠨ ᠮᠡᠳᠡᠭᠦᠯᠵᠦ᠂ ᠭᠦᠮᠦᠨ ᠮᠠᠯ ᠤᠶᠢᠷᠠᠳᠴᠦ ᠬᠠᠯᠳᠠᠪᠦᠷᠢᠯᠠᠭᠳᠠᠬᠤ ᠠᠴᠠ ᠣᠨᠴᠠ ᠰᠡᠷᠡᠮᠵᠢᠯᠡᠬᠦ ᠭᠡᠷᠡᠭᠲᠠᠢ᠃ ᠬᠡᠷᠪᠡ ᠮᠠᠯ ᠰᠦᠷᠦᠭ ᠲᠤ ᠴᠢᠨᠢ ᠭᠡᠭᠡᠷ᠎ᠡ ᠶᠢᠨ ᠠᠮᠢᠳᠠᠨ  ᠤ ᠲᠠᠭᠠᠷᠢᠯᠳᠠ ᠪᠣᠶᠣ ᠬᠡᠪ ᠤᠨ ᠪᠣᠰᠣ ᠡᠪᠡᠳᠴᠢᠨ ᠤ ᠪᠠᠶᠢᠳᠠᠯ ᠢᠯᠡᠷᠡᠪᠠᠯ ᠲᠠᠷᠣᠶᠢᠬᠠᠨ ᠬᠠᠮᠠᠭᠠᠯᠠᠬᠤ ᠠᠷᠭ᠎ᠠ ᠬᠡᠮᠵᠢᠶ᠎ᠠ ᠠᠪᠬᠤ ᠶᠢᠨ ᠬᠠᠮᠳᠦ᠂ ᠬᠤᠪᠢ ᠪᠠᠶ᠎ᠠ ᠶᠢᠨ ᠠᠮᠤᠷ ᠳᠦᠪᠰᠢᠨ ᠢᠶᠠᠨ ᠰᠠᠶᠢᠳᠤᠷ ᠪᠠᠳᠤᠯᠠᠨ᠂ ᠬᠡᠨᠡᠳᠡᠯ ᠳᠤ ᠣᠴᠠᠷᠠᠭᠰᠠᠨ ᠭᠦᠮᠦᠨ ᠪᠠ ᠮᠠᠯ ᠢ ᠲᠣᠰᠠᠭᠠᠷᠯᠠᠨ᠂ ᠰᠣᠮᠣ ᠭᠠᠴᠠᠭ᠎ᠠ᠂ ᠡᠮᠴᠢᠯᠡᠭᠡᠨ ᠤ ᠰᠠᠯᠠᠭ᠎ᠠ ᠮᠦᠴᠢᠷ ᠲᠤ ᠲᠠᠷᠣᠶᠢᠬᠠᠨ ᠮᠡᠳᠡᠭᠦᠯᠬᠦ ᠭᠡᠷᠡᠭᠲᠠᠢ᠃ ᠨᠣᠬᠠᠢ ᠵᠡᠷᠭᠡ ᠭᠡᠷ ᠤᠨ ᠲᠡᠵᠢᠭᠡᠪᠦᠷᠢ ᠪᠠᠨ ᠰᠠᠶᠢᠳᠤᠷ ᠣᠶᠠᠵᠦ ᠬᠤᠷᠢᠨ᠂ ᠭᠢᠵᠢᠭ ᠤᠨ ᠲᠠᠷᠢᠯᠭ᠎ᠠ ᠶᠢ ᠰᠠᠨᠠᠭᠠᠴᠢᠯᠭ᠎ᠠ ᠠᠴᠠ ᠪᠠᠨ ᠬᠦᠢᠴᠡᠳᠬᠡᠵᠤ᠂ ᠬᠡᠣᠬᠡᠳ ᠨᠠᠰᠤᠳᠠᠳ ᠢᠶᠠᠨ ᠢᠯᠡᠭᠦᠬᠡᠨ ᠬᠠᠷᠠᠵᠦ ᠬᠠᠯᠠᠮᠵᠢᠯᠠᠨ᠂ ᠬᠡᠨᠡᠳᠳᠡ ᠶᠢᠨ ᠤᠴᠢᠷ ᠶᠠᠪᠤᠳᠠᠯ ᠭᠠᠷᠬᠤ ᠠᠴᠠ ᠤᠨᠴᠡ ᠰᠡᠷᠡᠮᠵᠢᠯᠡᠵᠦ᠂ ᠬᠡᠷᠪᠡ ᠬᠡᠨᠡᠳᠡᠯ ᠰᠢᠷᠬᠠᠳᠠᠯ ᠭᠠᠷᠪᠠᠯ ᠲᠠᠷᠣᠢ ᠲᠦᠷᠬᠡᠨ ᠡᠮᠴᠢᠯᠡᠭᠡ ᠶᠢᠨ ᠭᠠᠵᠠᠷ ᠭᠦᠷᠴᠦ᠂ 24 ᠴᠠᠭ ᠤᠨ ᠲᠣᠳᠣᠷ᠎ᠠ ᠡᠮᠨᠡᠭᠦᠯᠦᠨ ᠵᠠᠰᠠᠬᠤ ᠭᠡᠷᠡᠭᠲᠠᠢ᠃          ᠪᠢᠳᠡ ᠪᠦᠬᠦᠨ ᠡᠵᠡᠨ ᠬᠦᠮᠦᠨ ᠤ ᠤᠪᠤᠷ ᠰᠤᠷᠳᠠᠯ ᠢᠶᠠᠷ ᠮᠠᠯᠴᠢᠨ ᠬᠦᠮᠦᠨ ᠤ ᠳᠠᠷᠬᠠᠨ ᠡᠭᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠵᠦ᠂ ᠬᠦᠮᠦᠨ ᠮᠠᠯ ᠤᠨ ᠠᠮᠣᠷ ᠲᠦᠪᠰᠢᠨ ᠤ ᠰᠡᠷᠭᠡᠶᠢᠯᠡᠯᠳᠡ ᠶᠢ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠦ᠂ ᠮᠠᠯ ᠬᠤᠨᠠᠷ ᠡᠳ᠋ ᠬᠤᠭᠰᠢᠯ ᠢᠶᠠᠨ ᠰᠠᠶᠢᠳᠤᠷ ᠬᠠᠮᠠᠭᠠᠯᠠᠨ᠂ ᠬᠠᠪᠰᠤᠷᠤᠯᠴᠠᠭ᠎ᠠ ᠬᠤᠯᠪᠣᠭᠠᠯᠠᠯ᠂ ᠴᠢᠮᠡᠭᠡ ᠨᠡᠪᠳᠡᠷᠡᠬᠦᠯᠬᠡ ᠶᠢ ᠣᠯᠠᠮ ᠪᠠᠳᠣᠳᠬᠠᠵᠦ᠂ ᠬᠡᠪ ᠤᠨ ᠪᠣᠰᠣ ᠪᠠᠶᠢᠳᠠᠯ᠂ ᠭᠡᠭᠡᠷ᠎ᠡ ᠶᠢᠨ ᠠᠮᠢᠳᠠᠨ ᠤ ᠦᠬᠦᠳᠡᠯ᠂ ᠬᠢᠵᠢᠭ ᠬᠡᠮ ᠤᠨ ᠦᠨᠳᠦᠰᠦ ᠬᠤᠣᠷ ᠢ ᠢᠯᠡᠭᠦᠬᠡᠨ ᠠᠩᠬᠠᠷᠴᠦ᠂ ᠢᠯᠡᠭᠦᠭᠡᠨ ᠬᠠᠷᠢᠯᠴᠠᠨ ᠲᠣᠰᠠᠯᠠᠯᠴᠠᠨ᠂ ᠬᠠᠮᠳᠣᠪᠠᠷ ᠰᠡᠷᠬᠡᠶᠢᠯᠡᠬᠦ ᠶᠢᠨ ᠬᠠᠮᠳᠦ᠂ ᠵᠠᠯᠢᠭᠦᠳ ᠵᠠᠳᠠᠭᠠᠢ᠂ ᠲᠠᠩ ᠭᠠᠭᠴᠠᠭᠠᠷ᠂ ᠠᠮᠢᠳᠣᠷᠠᠯ ᠭᠦᠴᠢᠷᠳᠡᠢ᠂ ᠠᠷᠠᠴᠢᠯᠠᠯᠭ᠎ᠠ ᠠᠨᠠᠢ ᠠᠶᠢᠯ ᠡᠷᠦᠭᠡ ᠪᠠᠨ ᠢᠯᠡᠭᠦᠭᠡᠨ ᠰᠠᠨᠠᠭᠠᠴᠢᠯᠠᠵᠦ ᠳᠤᠳᠤᠮᠳᠠᠨ᠂ ᠨᠠᠮ ᠵᠠᠰᠠᠭ ᠤᠨ ᠢᠶᠠᠨ ᠨᠢᠭᠡᠳᠦᠯᠳᠠᠢ ᠵᠢᠯᠤᠭᠤᠳᠤᠯᠭ᠎ᠠ᠂ ᠨᠡᠶᠢᠳᠡ ᠣᠯᠠᠨ ᠤ ᠢᠶᠠᠨ ᠨᠢᠭᠳᠠ ᠪᠦᠯᠬᠦᠮᠳᠡᠯ ᠤᠨ ᠲᠣᠣᠷ᠎ᠠ᠂ ᠭᠦᠴᠢᠷ ᠢ ᠲᠣᠭᠤᠯᠵᠦ᠂ ᠪᠡᠷᠭᠡ ᠶᠢ ᠢᠯᠡᠵᠦ᠂ ᠨᠡᠶᠢᠭᠡᠮ ᠲᠠᠶᠠᠭᠠᠷ ᠢᠶᠠᠨ ᠠᠮᠣᠭᠤᠯᠠᠩ ᠪᠠᠶᠢᠵᠦ᠂ ᠭᠦᠴᠦᠷᠭᠡᠭᠵᠢᠨ ᠮᠠᠨᠳᠣᠭᠰᠠᠨ ᠵᠡᠬᠦᠨ ᠰᠦᠨᠢᠳ ᠢᠶᠠᠨ ᠬᠠᠮᠳᠣᠪᠡᠷ ᠪᠦᠳᠦᠭᠡᠨ ᠪᠠᠶᠢᠭᠤᠯᠬᠤ ᠪᠠᠷ ᠭᠦᠮᠦᠨ ᠪᠦᠬᠦᠨ ᠭᠠᠷ ᠢᠶᠠᠨ ᠬᠤᠯᠪᠣᠵᠦ᠂ ᠭᠠᠨᠵᠤᠭ᠎ᠠ ᠨᠡᠶᠢᠯᠡᠭᠦᠯᠦᠨ᠂ ᠭᠠᠪᠰᠢᠭᠠᠶᠢᠯᠠᠨ ᠲᠡᠮᠡᠴᠡᠬᠦ ᠶᠢ ᠨᠠᠶᠢᠳᠡᠨ ᠭᠦᠰᠡᠵᠦ ᠪᠠᠶᠢᠨ᠎ᠠ︕         ᠨᠣᠳᠤᠭ ᠣᠰᠣ ᠮᠢᠨᠢ ᠠᠮᠤᠷ ᠠᠮᠤᠭᠤᠯᠠᠩ         ᠭᠦᠮᠦᠨ ᠠᠷᠠᠳ ᠮᠢᠨᠢ ᠡᠷᠡᠬᠦᠯ ᠡᠩᠬᠡ         ᠠᠯᠢᠪᠠ ᠪᠦᠬᠦᠨ ᠠᠰᠢᠳᠠ ᠶᠢᠨ ᠵᠢᠷᠭᠠᠯᠠᠩ ᠲᠠᠢ ᠪᠠᠶᠢᠭᠠᠰᠠᠢ︕                                                                                                ᠰᠦᠨᠢᠳ ᠵᠡᠬᠦᠨ ᠬᠤᠰᠢᠭᠤᠨ ᠤ ᠵᠠᠰᠠᠭ ᠤᠨ ᠣᠷᠳᠣᠨ                                    2020 ᠣᠨ ᠤ 3 ᠰᠠᠷ᠎ᠠ ᠶᠢᠨ 7 ᠤ ᠡᠳᠦᠷ
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号