ᠭᠡᠷ ᠤᠨ ᠨᠣᠬᠠᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠯᠵᠠᠭᠤ ᠡᠪᠡᠳᠴᠢᠨ ᠤ ᠬᠢᠵᠢᠭ ᠢ ᠰᠡᠷᠭᠡᠶᠢᠯᠡᠬᠦ ᠲᠤᠬᠠᠶ ᠠᠯᠪᠠᠨ ᠮᠡᠳᠡᠭᠳᠡᠯ
ᠨᠡᠶᠢᠲᠡᠯᠡᠭᠰᠡᠨ ᠴᠠᠭ᠄
2020/3/17
ᠪᠦᠬᠦ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ᠂ ᠮᠠᠯᠴᠢᠨ ᠲᠦᠮᠡᠨ ᠳᠤ᠄        ᠭᠠᠯᠵᠠᠭᠤ ᠡᠪᠡᠳᠴᠢᠨ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠦᠮᠡᠨ ᠎ ᠤ ᠪᠡᠶ᠎ᠡ ᠮᠠᠬᠠᠪᠣᠳ ᠪᠠ ᠠᠮᠢ ᠨᠠᠰᠣᠨ ᠤ ᠠᠮᠣᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠦᠷᠢᠳᠦ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠳᠠᠭᠠᠯ ᠢ ᠦᠨᠳᠦᠰᠦᠯᠡᠨ᠂ ᠭᠡᠷ ᠤᠨ ᠨᠣᠬᠠᠶ ᠶᠢᠨ ᠬᠠᠮᠢᠶᠠᠷᠣᠯᠳᠠ ᠶᠢᠨ ᠲᠣᠬᠠᠢ ᠳᠣᠤᠷᠠᠬᠢ ᠵᠦᠢᠯᠡᠰ ᠢ ᠣᠨᠴᠣᠭᠠᠶᠢᠯᠠᠨ ᠮᠡᠳᠡᠭᠳᠡᠶ᠎ᠡ᠄        ᠨᠢᠭᠡ᠂ ᠪᠦᠬᠦ ᠬᠤᠰᠢᠭᠤᠨ ᠤ ᠬᠤᠲᠠ ᠪᠠᠯᠭᠠᠰᠤ᠂ ᠮᠠᠯᠵᠢᠬᠤ ᠣᠷᠣᠨ ᠤ ᠰᠠᠭᠤᠭᠠᠯᠢ ᠠᠷᠠᠳ ᠨᠢ ᠨᠡᠶᠢᠭᠡᠮ ᠲᠣᠭᠤᠷᠢᠭ᠂ ᠭᠠᠴᠠᠭ᠎ᠠ ᠪᠤᠶᠤ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠨ᠂ 3 ᠰᠠᠷ᠎ᠠ ᠶᠢᠨ 17᠎ ᠤ ᠡᠳᠦᠷ ᠠᠴᠠ ᠡᠮᠦᠨ᠎ᠡ ᠡᠷᠬᠡᠪᠰᠢ ᠭᠡᠷ ᠤᠨ ᠨᠣᠬᠠᠶ ᠳᠠᠭᠠᠨ ᠬᠢᠵᠢᠭ ᠢ ᠰᠡᠷᠭᠡᠶᠢᠯᠡᠬᠦ ᠲᠠᠷᠢᠯᠭ᠎ᠠ ᠶᠢ ᠲᠠᠯᠪᠢᠵᠦ᠂ ᠠᠮᠢᠳᠠᠨ ᠤ ᠬᠢᠵᠢᠭ ᠲᠠᠷᠢᠯᠭ᠎ᠠ ᠶᠢᠨ ᠭᠡᠷᠡᠴᠢ ᠲᠡᠮᠳᠡᠭ ᠢ ᠪᠦᠷᠢᠨᠰᠢᠭᠦᠯᠬᠦ ᠬᠡᠷᠡᠭᠲᠡᠶ᠃        ᠬᠤᠶᠠᠷ᠂ ᠬᠤᠳᠠ ᠪᠠᠯᠭᠠᠰᠣᠨ ᠤ ᠰᠠᠭᠤᠭᠠᠯᠢ ᠠᠷᠠᠳ ᠡᠷᠬᠡᠪᠰᠢ ᠭᠡᠷ ᠤᠨ ᠨᠣᠬᠠᠶ ᠪᠠᠨ ᠤᠶᠠᠵᠤ ᠲᠡᠵᠢᠭᠡᠬᠦ ᠪᠤᠶᠤ ᠬᠤᠷᠢᠵᠤ ᠲᠡᠵᠢᠭᠡᠬᠦ ᠬᠡᠷᠡᠭᠲᠡᠶ᠂ ᠰᠤᠯᠠ ᠲᠡᠵᠢᠭᠡᠬᠦ ᠪᠤᠶᠤ ᠣᠯᠠᠨ ᠨᠡᠶᠢᠲᠡ ᠶᠢᠨ ᠲᠠᠯᠠᠪᠤᠷ ᠲᠤ ᠲᠠᠭᠠᠭᠤᠯᠵᠦ ᠪᠣᠯᠬᠤ ᠦᠭᠡᠢ᠃ ᠮᠠᠯᠵᠢᠬᠤ ᠣᠷᠣᠨ ᠤ ᠭᠡᠷ ᠤᠨ ᠨᠣᠬᠠᠶ ᠢ ᠦᠷᠯᠦᠭᠡ ᠶᠢᠨ 8᠄ 00 ᠴᠠᠭ ᠠᠴᠠ ᠣᠷᠣᠶ ᠤᠨ 8᠄ 00 ᠴᠠᠭ ᠤᠨ ᠬᠤᠭᠤᠷᠣᠨᠳᠦ ᠡᠷᠬᠡᠪᠰᠢ ᠣᠶᠠᠵᠦ ᠲᠡᠵᠢᠭᠡᠬᠦ ᠭᠡᠷᠡᠭᠲᠠᠢ᠃        ᠭᠤᠷᠪᠠ᠂ ᠡᠪᠡᠳᠴᠢᠨ ᠢᠶᠠᠷ ᠦᠭᠦᠭᠰᠡᠨ ᠪᠣᠶᠣ ᠠᠶᠠᠨᠳᠠᠭᠠᠨ ᠦᠭᠦᠭᠰᠡᠨ ᠭᠡᠷ ᠤᠨ ᠨᠣᠬᠠᠶ ᠶᠢ ᠡᠷᠬᠡᠪᠰᠢ ᠪᠣᠬᠢᠷᠳᠣᠯ ᠦᠭᠡᠢ ᠰᠢᠢᠳᠪᠦᠷᠢᠯᠡᠬᠦ ᠬᠡᠷᠡᠭᠲᠡᠶ᠂ ᠲᠣᠷ᠎ᠠ ᠪᠠᠷ ᠢᠶᠠᠨ ᠬᠡᠭᠡᠷ᠎ᠡ ᠭᠠᠳᠠᠨ᠎ᠠ ᠬᠠᠶᠠᠵᠤ ᠪᠣᠯᠬᠤ ᠦᠭᠡᠢ᠃        ᠲᠦᠷᠪᠡ᠂ ᠡᠷᠡᠭᠦᠯ ᠪᠤᠰᠤ ᠨᠣᠬᠠᠶ ᠪᠠ ᠡᠪᠡᠳᠴᠢᠨ ᠲᠠᠢ ᠨᠣᠬᠠᠶ ᠶᠢ ᠨᠡᠶᠢᠭᠡᠮ ᠲᠣᠭᠤᠷᠢᠭ᠂ ᠰᠤᠮᠤ ᠪᠠᠯᠭᠠᠰᠤ ᠭᠠᠴᠠᠭ᠎ᠠ ᠪᠤᠶᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ ᠳᠠᠷᠤᠶᠢᠬᠠᠨ ᠮᠡᠳᠡᠭᠦᠯᠬᠦ ᠬᠡᠷᠡᠭᠲᠡᠶ᠃ ᠬᠡᠷᠪᠡ ᠨᠣᠬᠠᠶ ᠳᠤ ᠬᠠᠵᠠᠭᠳᠠᠭᠰᠠᠨ ᠠᠳᠡᠯ ᠭᠠᠷᠪᠠᠯ ᠴᠠᠭ ᠲᠤᠬᠠᠶ ᠳᠤ ᠨᠢ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠪᠤᠶᠤ ᠡᠮᠨᠡᠯᠭᠡ ᠶᠢᠨ ᠬᠤᠷᠢᠶᠠᠨ ᠳᠤ ᠡᠮᠨᠡᠭᠦᠯᠵᠦ᠂ ᠬᠢᠵᠢᠭ ᠤᠨ ᠲᠠᠷᠢᠯᠭ᠎ᠠ ᠶᠢ ᠲᠠᠯᠪᠢᠬᠤ ᠬᠡᠷᠡᠭᠲᠡᠶ᠃        ᠲᠠᠪᠤ᠂ ᠪᠦᠬᠦ ᠬᠤᠰᠢᠭᠤᠨ ᠤ ᠰᠠᠭᠤᠭᠠᠯᠢ ᠠᠷᠠᠳ ᠲᠣᠰ ᠮᠡᠳᠡᠭᠳᠡᠯ ᠢ ᠤᠬᠠᠮᠰᠠᠷ ᠠᠴᠠ ᠪᠠᠨ ᠰᠠᠬᠢᠵᠦ᠂ ᠭᠠᠯᠵᠠᠭᠤ ᠡᠪᠡᠳᠴᠢᠨ ᠢ ᠰᠡᠷᠭᠡᠶᠢᠯᠡᠬᠦ ᠠᠵᠢᠯ ᠲᠠᠢ ᠰᠠᠶᠢᠳᠣᠷ ᠬᠠᠮᠵᠢᠯᠴᠠᠬᠤ ᠭᠡᠷᠡᠭᠲᠠᠢ᠃                                                                                                  ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                         2020 ᠣᠨ ᠤ 3 ᠰᠠᠷ᠎ᠠ ᠶᠢᠨ 14᠎ ᠤ ᠡᠳᠦᠷ
 
ᠢᠷᠡᠯᠲᠡ᠄ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号