ᠭᠠᠯᠵᠠᠭᠤ ᠡᠪᠡᠳᠴᠢᠨ ᠤ ᠰᠡᠷᠭᠡᠶᠢᠯᠡᠯᠳᠡ ᠶᠢᠨ ᠲᠠᠷᠢᠯᠭ᠎ᠠ ᠶᠢᠨ ᠠᠩᠬᠠᠷᠬᠤ ᠵᠦᠢᠯ
ᠨᠡᠶᠢᠲᠡᠯᠡᠭᠰᠡᠨ ᠴᠠᠭ᠄
2020/3/17
       ᠨᠢᠬᠡ᠂ ᠭᠠᠯᠵᠠᠭᠤ ᠡᠪᠡᠳᠴᠢᠨ ᠤ ᠰᠡᠷᠭᠡᠶᠢᠯᠡᠯᠳᠡ ᠶᠢᠨ ᠳᠠᠷᠢᠯᠭ᠎ᠠ ᠶᠢ 3 ᠰᠠᠷ᠎ᠠ ᠠᠴᠠ ᠳᠡᠭᠡᠭᠰᠢᠬᠢ ᠨᠠᠰᠤᠨ ᠎ ᠤ ᠨᠤᠬᠠᠢ ᠶᠢᠨ ᠪᠤᠯᠴᠢᠩ ᠤᠨ ᠮᠢᠬᠠᠨ ᠳᠤ 1ml  ᠳᠠᠷᠢᠨ᠎ᠠ ︵ᠵᠦᠪᠬᠡᠨ ᠡᠷᠡᠭᠦᠯ ᠨᠤᠬᠠᠢ ᠳᠤ ᠵᠡᠬᠦᠳᠡᠨ᠎ᠡ︶᠃        ᠬᠤᠶᠠᠷ᠂ ᠳᠠᠷᠢᠯᠭ᠎ᠠ ᠳᠠᠯᠪᠢᠬᠤ ᠳᠤ ᠡᠷᠬᠡᠪᠰᠢ ᠰᠢᠨ᠎ᠠ ᠳᠠᠷᠢᠯᠭ᠎ᠠ ᠶᠢᠨ ᠵᠡᠬᠦᠤ ᠶᠢ ᠬᠡᠷᠡᠭᠯᠡᠵᠤ᠂ ᠨᠢᠬᠡ ᠨᠤᠬᠠᠢ ᠳᠤ ᠨᠢᠬᠡ ᠵᠡᠬᠦᠦ ᠶᠢ ᠬᠡᠷᠡᠭᠯᠡᠬᠦ ᠬᠡᠷᠡᠭᠳᠡᠢ᠃        ᠭᠤᠷᠪᠠ᠂ ᠭᠠᠯᠵᠠᠭᠤ ᠡᠪᠡᠳᠴᠢᠨ ᠤ ᠰᠡᠷᠭᠡᠶᠢᠯᠡᠯᠳᠡ ᠶᠢᠨ ᠳᠠᠷᠢᠯᠭ᠎ᠠ ᠤᠨ ᠡᠮ ᠢ ᠭᠡᠷ ᠤᠨ ᠲᠤᠯᠠᠭᠠᠨ ᠤ ᠬᠡᠮᠵᠢᠶ᠎ᠠ ᠲᠠᠢ ᠠᠳᠠᠯᠢ ᠪᠠᠶᠢᠯᠭᠠᠵᠤ᠂ ᠰᠠᠶᠢᠳᠣᠷ ᠬᠦᠳᠡᠯᠬᠡᠵᠤ ᠬᠤᠯᠢᠭᠰᠠᠨ ᠤ ᠲᠠᠷᠠᠭ᠎ᠠ ᠨᠤᠬᠠᠢ ᠳᠤ ᠵᠡᠬᠦᠳᠡᠨ᠎ᠠ᠃        ᠳᠦᠷᠪᠡ᠂ ᠭᠠᠯᠵᠠᠭᠤ ᠡᠪᠡᠳᠴᠢᠨ ᠤ ᠰᠡᠷᠭᠡᠶᠢᠯᠡᠯᠳᠡ ᠶᠢᠨ ᠳᠠᠷᠢᠯᠭ᠎ᠠ ᠶᠢᠨ ᠡᠮ ᠢ ᠬᠠᠳᠠᠭᠠᠯᠠᠬᠤ ᠲᠤᠯᠠᠭᠠᠨ ᠎ ᠤ ᠬᠡᠮᠵᠢᠶ᠎ᠡ ᠶᠢ 2 - 8 ᠭᠷᠠᠳᠦ᠋ᠰ ᠲᠤ ᠪᠠᠶᠢᠯᠭᠠᠵᠤ᠂ ᠲᠤᠯᠠᠭᠠᠨ ᠢ ᠬᠠᠳᠠᠭᠠᠯᠠᠬᠤ ᠰᠠᠪᠠᠨ ᠳᠤ ᠬᠠᠳᠠᠭᠠᠯᠠᠵᠤ᠂ ᠬᠦᠯᠳᠠᠭᠡᠵᠤ ᠪᠤᠯᠬᠤ ᠦᠭᠡᠢ ᠮᠦᠷᠳᠡᠭᠡᠨ ᠬᠦᠯᠳᠡᠭᠰᠡᠨ ᠳᠠᠷᠢᠯᠭ᠎ᠠ ᠶᠢᠨ ᠡᠮ ᠢ ᠵᠠᠷᠤᠵᠤ ᠪᠤᠯᠬᠤ ᠦᠬᠡᠢ᠃        ᠳᠠᠪᠤ᠂ ᠬᠡᠷᠡᠭᠯᠡᠵᠦ ᠦᠩᠭᠡᠷᠡᠭᠰᠡᠨ ᠳᠠᠷᠢᠯᠭ᠎ᠠ ᠶᠢᠨ ᠪᠠᠭᠠᠵᠢ ᠭᠡᠷᠡᠭᠰᠡᠯ ᠢᠶᠠᠨ ᠲᠤᠷ᠎ᠠ ᠪᠠᠷ ᠢᠶᠠᠨ ᠬᠠᠶᠠᠵᠤ ᠪᠤᠯᠬᠤ ᠦᠭᠡᠢ᠂ ᠡᠷᠬᠡᠪᠰᠢ ᠰᠠᠶᠢᠳᠤᠷ ᠠᠷᠢᠭᠤᠳᠬᠠᠬᠤ ᠪᠤᠶᠤ ᠪᠤᠬᠢᠷᠳᠤᠯ ᠦᠭᠡᠢ ᠰᠢᠢᠳᠪᠤᠷᠢᠯᠡᠬᠦ ᠬᠡᠷᠡᠭᠳᠡᠢ᠃        ᠵᠢᠷᠭᠤᠭ᠎ᠠ᠂ ᠲᠠᠷᠢᠯᠭ᠎ᠠ ᠬᠢᠵᠤ ᠪᠠᠷᠠᠭᠰᠠᠨ ᠤ ᠲᠠᠷᠠᠭ᠎ᠠ ᠬᠢᠵᠢᠭ ᠰᠡᠷᠭᠡᠶᠢᠯᠡᠭᠴᠢ ᠠᠴᠠ ᠲᠠᠷᠢᠯᠭ᠎ᠠ ᠶᠢᠨ ᠤᠯᠠᠭᠠᠨ ᠲᠡᠪᠳᠡᠷ ᠢ ᠨᠠᠷᠢᠯᠢᠭ ᠳᠠᠭᠯᠠᠬᠤ ᠶᠢᠨ ᠬᠠᠮᠳᠦ᠂ ᠭᠠᠯᠵᠠᠭᠤ ᠡᠪᠡᠳᠴᠢᠨ ᠤ ᠰᠡᠷᠭᠡᠶᠢᠯᠡᠯᠳᠡ ᠶᠢᠨ ᠲᠠᠷᠢᠯᠭ᠎ᠠ ᠎ ᠶᠢᠨ ᠬᠦᠰᠦᠨᠦᠭᠳᠦ ᠳᠤ ᠰᠡᠭᠦᠳᠡᠷ ᠵᠢᠷᠤᠭ ᠢ ᠨᠢ ᠨᠠᠭᠠᠵᠤ ᠨᠠᠷᠢᠨ ᠳᠠᠩᠰᠠᠯᠠᠵᠤ᠂ ᠬᠤᠰᠢᠭᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠦᠪ ᠲᠤ ᠲᠤᠰᠢᠶᠠᠨ᠎ᠠ᠃        ᠳᠤᠯᠤᠭ᠎ᠠ᠂ ᠲᠡᠷᠢᠯᠭ᠎ᠠ ᠳᠠᠯᠪᠢᠬᠤ ᠦᠶᠡᠰ ᠨᠤᠬᠠᠢ ᠶᠢᠨ ᠡᠵᠡᠨ ᠨᠢ ᠨᠤᠬᠠᠢ ᠪᠠᠨ ᠰᠠᠶᠢᠳᠤᠷ ᠪᠠᠷᠢᠵᠤ ᠤᠶᠠᠭᠰᠠᠨ ᠤ ᠲᠠᠷᠠᠭ᠎ᠠ ᠬᠢᠵᠢᠭ ᠰᠡᠷᠭᠡᠶᠢᠯᠡᠭᠴᠢ ᠠᠴᠠ ᠲᠠᠷᠢᠯᠭ᠎ᠠ ᠳᠠᠯᠪᠢᠨ᠎ᠠ᠃ ᠲᠠᠷᠢᠯᠭ᠎ᠠ ᠶᠢᠨ ᠶᠠᠪᠤᠴᠠ ᠳᠤ ᠬᠤᠪᠢ ᠪᠠᠶ᠎ᠠ ᠶᠢᠨ ᠠᠮᠤᠷ ᠲᠦᠪᠰᠢᠨ ᠢ ᠰᠠᠶᠢᠳᠤᠷ ᠠᠩᠬᠠᠷᠬᠤ ᠬᠡᠷᠡᠭᠳᠡᠢ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号