ᠬᠡᠬᠡᠷ᠎ᠡ ᠬᠦᠳᠡᠭᠡ ᠠᠮᠢᠳᠠᠨ ᠤ ᠦᠬᠦᠳᠡᠯ ᠢ ᠪᠤᠬᠢᠷᠳᠤᠯ ᠦᠬᠡᠢ ᠰᠢᠶᠳᠪᠦᠷᠢᠯᠡᠬᠦ ᠠᠷᠭ᠎ᠠ ᠶᠢᠨ ᠳᠦᠬᠦᠮ ᠳᠠᠶᠢᠯᠤᠮᠵᠢ
ᠨᠡᠶᠢᠲᠡᠯᠡᠭᠰᠡᠨ ᠴᠠᠭ᠄
2020/3/17
         ᠬᠦᠳᠡᠭᠡ ᠬᠡᠬᠡᠷ᠎ᠡ ᠠᠮᠢᠳᠠᠨ ᠤ ᠦᠬᠦᠳᠡᠯ ᠢ ᠪᠤᠬᠢᠷᠳᠤᠯ ᠦᠬᠡᠢ ᠰᠢᠶᠳᠪᠦᠷᠢᠯᠡᠬᠦ ᠳᠤ ᠤᠯᠠᠩᠬᠢ ᠳᠠᠭᠠᠨ ᠰᠢᠭᠤᠳ ᠪᠤᠯᠠᠬᠤ ᠠᠷᠭ᠎ᠠ ᠪᠠ ᠰᠢᠲᠠᠭᠠᠬᠤ ᠠᠷᠭ᠎ᠠ ᠶᠢ ᠬᠡᠷᠡᠭᠯᠡᠳᠡᠭ᠃          ᠨᠢᠬᠡ᠂ ᠰᠢᠭᠤᠳ ᠪᠤᠯᠠᠬᠤ ᠠᠷᠭ᠎ᠠ          ⒈ ᠪᠤᠯᠠᠬᠤ ᠭᠠᠵᠠᠷ ᠢ ᠰᠣᠩᠭᠤᠬᠤ ᠳᠤ ᠭᠠᠵᠠᠷ ᠤᠨ ᠪᠠᠶᠢᠴᠠ ᠶᠢ ᠥᠨᠳᠥᠷ ᠬᠠᠭᠤᠷᠠᠶ᠂ ᠰᠠᠯᠬᠢᠨ ᠤ ᠳᠣᠤᠷ᠎ᠠ ᠲᠠᠯ᠎ᠠ ᠳᠤ ᠪᠠᠶᠢᠯᠭᠠᠬᠤ ᠬᠡᠷᠡᠭᠲᠡᠶ᠃ ᠮᠠᠯ ᠤᠨ ᠫᠧᠩ ᠬᠤᠷᠤᠭ᠎ᠠ᠂ ᠤᠷᠤᠨ ᠰᠠᠭᠤᠴᠠ᠂ ᠤᠰᠤᠨ ᠰᠤᠷᠪᠤᠯᠵᠢ ᠂ ᠵᠠᠮ ᠬᠠᠷᠢᠯᠴᠠᠭ᠎ᠠ ᠵᠡᠷᠭᠡ ᠦᠶᠯᠡᠳᠪᠦᠷᠢᠯᠡᠯ ᠠᠮᠢᠳᠤᠷᠠᠯ ᠤᠨ ᠲᠠᠯᠠᠪᠤᠷ ᠠᠴᠠ ᠬᠤᠯᠠ  ᠪᠠᠶᠢᠯᠭᠠᠬᠤ ᠬᠡᠷᠡᠭᠲᠡᠶ᠃          ⒉ ᠪᠤᠯᠠᠬᠤ ᠨᠦᠬᠡ ᠶᠢᠨ ᠪᠠᠭᠲᠠᠭᠠᠮᠵᠢ ᠶᠢ ᠠᠮᠢᠲᠠᠨ ᠤ ᠦᠬᠦᠳᠡᠯ ᠵᠢᠴᠢ ᠲᠤᠭ᠎ᠠ ᠬᠡᠮᠵᠢᠶ᠎ᠡ ᠶᠢ ᠦᠨᠳᠦᠰᠦᠯᠡᠨ ᠮᠠᠯᠳᠠᠨ᠎ᠠ᠃ ᠨᠦᠬᠡᠨ ᠤ ᠢᠷᠣᠭᠠᠷ ᠤᠨ ᠬᠡᠰᠡᠭ ᠢ ᠭᠠᠵᠠᠷ ᠳᠣᠣᠷᠠᠬᠢ ᠤᠰᠤᠨ ᠲᠦᠪᠰᠢᠨ ᠠᠴᠠ 1.5m᠎ ᠠᠴᠠ ᠳᠡᠭᠡᠭᠰᠢ ᠪᠠᠶᠢᠯᠭᠠᠵᠤ᠂ ᠳᠤᠷᠤᠭᠰᠢ ᠨᠡᠪᠴᠢᠬᠦ ᠶᠢ ᠰᠠᠶᠢᠳᠤᠷ ᠰᠡᠷᠭᠡᠶᠢᠯᠡᠬᠦ ᠬᠡᠷᠡᠭᠲᠡᠶ᠃          ⒊ᠨᠦᠬᠡᠨ ᠤ ᠢᠷᠣᠭᠠᠷ ᠲᠤ 2 ~ 5cm ᠵᠤᠵᠠᠭᠠᠨ ᠲᠦᠭᠦᠬᠡᠶ ᠴᠣᠬᠤᠢ ᠪᠤᠶᠤ ᠴᠠᠶᠢᠷᠠᠭᠤᠯᠬᠤ ᠨᠤᠨᠲᠠᠭ ᠵᠡᠷᠭᠡ ᠠᠷᠢᠭᠤᠳᠬᠠᠬᠤ ᠡᠮ ᠰᠠᠴᠤᠵᠤ᠂ ᠪᠤᠯᠠᠵᠤ ᠳᠠᠷᠤᠬᠤ ᠰᠢᠷᠦᠢ ᠶᠢᠨ ᠬᠦᠨ ᠨᠢ 1.2 ᠮᠧᠲᠷ ᠠᠴᠠ ᠪᠠᠭ᠎ᠠ ᠪᠠᠶᠢᠵᠤ ᠪᠣᠯᠬᠤ ᠥᠬᠡᠶ᠃          ⒋ᠬᠡᠳᠦ ᠨᠢᠭᠳᠠ ᠳᠠᠷᠤᠵᠤ ᠪᠤᠯᠠᠵᠤ ᠪᠤᠯᠬᠤ ᠦᠬᠡᠢ᠂ ᠢᠯᠵᠢᠷᠡᠬᠦ ᠠᠴᠠ ᠪᠤᠯᠵᠤ ᠬᠡᠢ ᠪᠡᠶᠡᠳᠦ ᠡᠬᠦᠰᠬᠦ ᠪᠠ ᠰᠢᠩᠭᠡᠨ ᠪᠡᠶᠡᠲᠦ ᠨᠡᠪᠴᠢᠬᠦ ᠠᠴᠠ ᠰᠡᠷᠭᠡᠶᠢᠯᠡᠨ᠎ᠡ᠃ ᠪᠤᠯᠠᠭᠰᠠᠨ ᠭᠠᠵᠠᠷ ᠲᠤ ᠫᠠᠶᠢᠰᠠ ᠲᠡᠮᠳᠡᠭ ᠳᠠᠯᠪᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠬᠡᠷᠪᠡ ᠴᠦᠮᠦᠷᠡᠵᠤ ᠬᠤᠳᠤᠶᠢᠭᠰᠠᠨ ᠪᠠᠶᠢᠪᠠᠯ ᠴᠠᠭ ᠲᠤᠬᠠᠶ ᠳᠤᠨᠢ ᠰᠢᠷᠦᠢ ᠨᠡᠮᠡᠵᠦ ᠰᠡᠯᠪᠢᠬᠦ ᠬᠡᠷᠡᠭᠳᠡᠢ᠃           ᠬᠤᠶᠠᠷ᠂ ᠰᠢᠲᠠᠭᠠᠬᠤ ᠠᠷᠭ᠎ᠠ          ⒈ᠭᠠᠵᠠᠷ ᠰᠣᠩᠭᠤᠬᠤ ᠳᠠᠭᠠᠨ ᠭᠡᠷ ᠤᠷᠤᠨ᠂ ᠨᠣᠴᠣᠮᠠᠲᠠᠭᠠᠢ ᠪᠣᠳᠠᠰ᠂ ᠴᠠᠬᠢᠯᠭᠠᠨ ᠤᠳᠠᠰᠤ ᠵᠡᠷᠭᠡ ᠎ ᠠᠴᠠ ᠬᠤᠯᠠ ᠪᠠᠶᠢᠬᠤ ᠬᠡᠷᠡᠭᠲᠡᠢ᠂ ᠡᠷᠭᠢᠨ ᠲᠣᠭᠤᠷᠢᠨ ᠳᠤ ᠭᠠᠯ ᠤᠨ ᠠᠶᠤᠯ ᠡᠬᠦᠰᠬᠦ ᠦᠬᠡᠢ ᠪᠠᠶᠢᠬᠤ ᠶᠢ ᠬᠦᠢᠴᠡᠳ ᠪᠠᠳᠤᠯᠠᠵᠤ᠂ ᠰᠠᠯᠬᠢᠨ ᠤ ᠳᠣᠣᠷ᠎ᠠ ᠲᠠᠯ᠎ᠠ ᠳᠤ  ᠪᠠᠶᠢᠷᠢᠯᠠᠭᠤᠯᠬᠤ ᠬᠡᠷᠡᠭᠳᠡᠢ᠃          ⒉ᠴᠠᠶᠢᠶ᠋ᠢᠦ ᠲᠤᠰᠤ ᠪᠠᠨ ᠮᠣᠳᠣᠨ ᠲᠦᠯᠡᠭᠡ ᠪᠠ ᠦᠬᠦᠳᠡᠯ (ᠴᠢᠶ᠋ᠢᠦ ᠲᠤᠰᠤ ᠬᠡᠷᠡᠭᠯᠡᠵᠦ ᠪᠣᠯᠬᠤ ᠦᠭᠡᠢ) ᠳᠡᠭᠡᠷ᠎ᠡ ᠬᠦᠢᠴᠡᠳ ᠴᠢᠳᠬᠤᠵᠤ᠂  ᠮᠣᠳᠣᠨ ᠰᠢᠳᠠᠮ᠂ ᠪᠦᠰ ᠵᠡᠷᠭᠡ ᠪᠤᠳᠠᠰ ᠢᠶᠠᠷ ᠡᠭᠦᠰᠬᠡᠨ ᠨᠣᠴᠣᠭᠠᠨ᠎ᠠ᠃ ᠮᠠᠯ ᠤᠨ ᠬᠡᠭᠦᠷ ᠦᠬᠦᠳᠡᠯ ᠢ ᠰᠢᠲᠠᠭᠠᠵᠤ ᠪᠠᠷᠠᠭᠰᠠᠨ ᠤ ᠲᠠᠷᠠᠭ᠎ᠠ ᠦᠨᠡᠰᠦ ᠶᠢ ᠨᠢ ᠰᠠᠶᠢᠳᠤᠷ ᠪᠤᠯᠠᠵᠤ᠂ ᠭᠠᠳᠠᠷᠭᠤ ᠳᠡᠭᠡᠷ᠎ᠡ ᠨᠢ ᠲᠦᠭᠦᠬᠡᠶ ᠴᠤᠬᠤᠢ ᠪᠤᠶᠤ ᠴᠠᠶᠢᠷᠠᠭᠤᠯᠬᠤ ᠨᠤᠨᠲᠠᠭ ᠰᠠᠴᠤᠵᠤ᠂ ᠫᠠᠶᠢᠰᠠ ᠳᠡᠮᠳᠡᠭ ᠪᠤᠰᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠦᠵᠡᠬᠦ ᠬᠡᠷᠡᠭᠲᠡᠶ᠃          ᠠᠩᠬᠠᠷᠬᠤ ᠵᠤᠶᠢᠯᠡᠰ᠄ ᠪᠤᠬᠢᠷᠳᠤᠯ ᠦᠬᠡᠢ ᠰᠢᠶᠳᠪᠦᠷᠢᠯᠡᠬᠦ ᠶᠠᠪᠤᠴᠠ ᠳᠤ ᠬᠠᠮᠠᠭᠠᠯᠠᠬᠤ ᠬᠤᠪᠴᠠᠰᠤ᠂ ᠠᠮᠠᠪᠴᠢ᠂ ᠨᠢᠳᠦ ᠬᠠᠮᠠᠭᠠᠯᠠᠬᠤ ᠰᠢᠯ᠂ ᠭᠤᠮ ᠱᠠᠬᠠᠶ ᠵᠢᠴᠢ ᠪᠡᠭᠡᠯᠡᠶ ᠵᠡᠷᠭᠡ ᠬᠠᠮᠠᠭᠠᠯᠠᠬᠤ ᠬᠡᠷᠡᠭᠰᠡᠯ ᠢ ᠡᠮᠦᠰᠴᠦ ᠵᠡᠬᠦᠪᠡᠯ ᠵᠤᠬᠢᠨ᠎ᠠ᠃ ᠨᠢᠭᠡ ᠯᠡ ᠤᠳᠠᠭ᠎ᠠ ᠶᠢᠨ ᠴᠢᠨᠠᠷᠲᠠᠶ ᠬᠠᠮᠠᠭᠠᠯᠠᠯᠲᠠ ᠶᠢᠨ ᠬᠡᠷᠡᠭᠰᠡᠯ ᠢ ᠴᠠᠭ ᠳᠤᠬᠠᠢ ᠳᠤ ᠨᠢ ᠰᠢᠢᠳᠪᠤᠷᠢᠯᠡᠵᠦ᠂ ᠡᠷᠭᠢᠯᠳᠦᠭᠦᠯᠦᠨ ᠬᠡᠷᠡᠭᠯᠡᠬᠦ ᠬᠠᠮᠠᠭᠠᠯᠠᠯᠲᠠ ᠶᠢᠨ ᠬᠡᠷᠡᠭᠰᠡᠯ ᠢ ᠰᠠᠶᠢᠳᠤᠷ ᠠᠷᠢᠭᠤᠳᠬᠠᠯ ᠬᠢᠬᠦ ᠬᠡᠷᠡᠭᠲᠡᠶ᠃
 
ᠢᠷᠡᠯᠲᠡ᠄ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号