ᠪᠦᠬᠦ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ᠂ ᠮᠠᠯᠴᠢᠨ ᠲᠦᠮᠡᠨ ᠳᠤ᠄ | ᠭᠠᠯᠵᠠᠭᠤ ᠡᠪᠡᠳᠴᠢᠨ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠦᠮᠡᠨ | ᠤ ᠪᠡᠶ᠎ᠡ ᠮᠠᠬᠠᠪᠣᠳ ᠪᠠ ᠠᠮᠢ ᠨᠠᠰᠣᠨ ᠤ ᠠᠮᠣᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠦᠷᠢᠳᠦ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠳᠠᠭᠠᠯ ᠢ ᠦᠨᠳᠦᠰᠦᠯᠡᠨ᠂ ᠭᠡᠷ ᠤᠨ ᠨᠣᠬᠠᠶ ᠶᠢᠨ | ᠬᠠᠮᠢᠶᠠᠷᠣᠯᠳᠠ ᠶᠢᠨ ᠲᠣᠬᠠᠢ ᠳᠣᠤᠷᠠᠬᠢ ᠵᠦᠢᠯᠡᠰ ᠢ ᠣᠨᠴᠣᠭᠠᠶᠢᠯᠠᠨ ᠮᠡᠳᠡᠭᠳᠡᠶ᠎ᠡ᠄ | ᠨᠢᠭᠡ᠂ ᠪᠦᠬᠦ ᠬᠤᠰᠢᠭᠤᠨ ᠤ ᠬᠤᠲᠠ ᠪᠠᠯᠭᠠᠰᠤ᠂ ᠮᠠᠯᠵᠢᠬᠤ ᠣᠷᠣᠨ ᠤ ᠰᠠᠭᠤᠭᠠᠯᠢ ᠠᠷᠠᠳ ᠨᠢ ᠨᠡᠶᠢᠭᠡᠮ | ᠲᠣᠭᠤᠷᠢᠭ᠂ ᠭᠠᠴᠠᠭ᠎ᠠ ᠪᠤᠶᠤ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ | ᠬᠠᠷᠢᠯᠴᠠᠨ᠂ 3 ᠰᠠᠷ᠎ᠠ ᠶᠢᠨ 17 ᠤ ᠡᠳᠦᠷ ᠠᠴᠠ ᠡᠮᠦᠨ᠎ᠡ ᠡᠷᠬᠡᠪᠰᠢ ᠭᠡᠷ ᠤᠨ ᠨᠣᠬᠠᠶ ᠳᠠᠭᠠᠨ ᠬᠢᠵᠢᠭ ᠢ | ᠰᠡᠷᠭᠡᠶᠢᠯᠡᠬᠦ ᠲᠠᠷᠢᠯᠭ᠎ᠠ ᠶᠢ ᠲᠠᠯᠪᠢᠵᠦ᠂ ᠠᠮᠢᠳᠠᠨ ᠤ ᠬᠢᠵᠢᠭ ᠲᠠᠷᠢᠯᠭ᠎ᠠ ᠶᠢᠨ ᠭᠡᠷᠡᠴᠢ ᠲᠡᠮᠳᠡᠭ ᠢ ᠪᠦᠷᠢᠨᠰᠢᠭᠦᠯᠬᠦ | ᠬᠡᠷᠡᠭᠲᠡᠶ᠃ | ᠬᠤᠶᠠᠷ᠂ ᠬᠤᠳᠠ ᠪᠠᠯᠭᠠᠰᠣᠨ ᠤ ᠰᠠᠭᠤᠭᠠᠯᠢ ᠠᠷᠠᠳ ᠡᠷᠬᠡᠪᠰᠢ ᠭᠡᠷ ᠤᠨ ᠨᠣᠬᠠᠶ ᠪᠠᠨ ᠤᠶᠠᠵᠤ ᠲᠡᠵᠢᠭᠡᠬᠦ | ᠪᠤᠶᠤ ᠬᠤᠷᠢᠵᠤ ᠲᠡᠵᠢᠭᠡᠬᠦ ᠬᠡᠷᠡᠭᠲᠡᠶ᠂ ᠰᠤᠯᠠ ᠲᠡᠵᠢᠭᠡᠬᠦ ᠪᠤᠶᠤ ᠣᠯᠠᠨ ᠨᠡᠶᠢᠲᠡ ᠶᠢᠨ ᠲᠠᠯᠠᠪᠤᠷ ᠲᠤ ᠲᠠᠭᠠᠭᠤᠯᠵᠦ | ᠪᠣᠯᠬᠤ ᠦᠭᠡᠢ᠃ ᠮᠠᠯᠵᠢᠬᠤ ᠣᠷᠣᠨ ᠤ ᠭᠡᠷ ᠤᠨ ᠨᠣᠬᠠᠶ ᠢ ᠦᠷᠯᠦᠭᠡ ᠶᠢᠨ 8᠄ 00 ᠴᠠᠭ ᠠᠴᠠ ᠣᠷᠣᠶ ᠤᠨ 8᠄ | 00 ᠴᠠᠭ ᠤᠨ ᠬᠤᠭᠤᠷᠣᠨᠳᠦ ᠡᠷᠬᠡᠪᠰᠢ ᠣᠶᠠᠵᠦ ᠲᠡᠵᠢᠭᠡᠬᠦ ᠭᠡᠷᠡᠭᠲᠠᠢ᠃ | ᠭᠤᠷᠪᠠ᠂ ᠡᠪᠡᠳᠴᠢᠨ ᠢᠶᠠᠷ ᠦᠭᠦᠭᠰᠡᠨ ᠪᠣᠶᠣ ᠠᠶᠠᠨᠳᠠᠭᠠᠨ ᠦᠭᠦᠭᠰᠡᠨ ᠭᠡᠷ ᠤᠨ ᠨᠣᠬᠠᠶ ᠶᠢ ᠡᠷᠬᠡᠪᠰᠢ | ᠪᠣᠬᠢᠷᠳᠣᠯ ᠦᠭᠡᠢ ᠰᠢᠢᠳᠪᠦᠷᠢᠯᠡᠬᠦ ᠬᠡᠷᠡᠭᠲᠡᠶ᠂ ᠲᠣᠷ᠎ᠠ ᠪᠠᠷ ᠢᠶᠠᠨ ᠬᠡᠭᠡᠷ᠎ᠡ ᠭᠠᠳᠠᠨ᠎ᠠ ᠬᠠᠶᠠᠵᠤ ᠪᠣᠯᠬᠤ ᠦᠭᠡᠢ᠃ | ᠲᠦᠷᠪᠡ᠂ ᠡᠷᠡᠭᠦᠯ ᠪᠤᠰᠤ ᠨᠣᠬᠠᠶ ᠪᠠ ᠡᠪᠡᠳᠴᠢᠨ ᠲᠠᠢ ᠨᠣᠬᠠᠶ ᠶᠢ ᠨᠡᠶᠢᠭᠡᠮ ᠲᠣᠭᠤᠷᠢᠭ᠂ ᠰᠤᠮᠤ | ᠪᠠᠯᠭᠠᠰᠤ ᠭᠠᠴᠠᠭ᠎ᠠ ᠪᠤᠶᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ ᠳᠠᠷᠤᠶᠢᠬᠠᠨ | ᠮᠡᠳᠡᠭᠦᠯᠬᠦ ᠬᠡᠷᠡᠭᠲᠡᠶ᠃ ᠬᠡᠷᠪᠡ ᠨᠣᠬᠠᠶ ᠳᠤ ᠬᠠᠵᠠᠭᠳᠠᠭᠰᠠᠨ ᠠᠳᠡᠯ ᠭᠠᠷᠪᠠᠯ ᠴᠠᠭ ᠲᠤᠬᠠᠶ ᠳᠤ ᠨᠢ ᠬᠢᠵᠢᠭ ᠢ | ᠰᠡᠷᠭᠡᠶᠢᠯᠡᠬᠦ ᠰᠠᠯᠠᠭ᠎ᠠ ᠮᠥᠴᠢᠷ ᠪᠤᠶᠤ ᠡᠮᠨᠡᠯᠭᠡ ᠶᠢᠨ ᠬᠤᠷᠢᠶᠠᠨ ᠳᠤ ᠡᠮᠨᠡᠭᠦᠯᠵᠦ᠂ ᠬᠢᠵᠢᠭ ᠤᠨ ᠲᠠᠷᠢᠯᠭ᠎ᠠ ᠶᠢ | ᠲᠠᠯᠪᠢᠬᠤ ᠬᠡᠷᠡᠭᠲᠡᠶ᠃ | ᠲᠠᠪᠤ᠂ ᠪᠦᠬᠦ ᠬᠤᠰᠢᠭᠤᠨ ᠤ ᠰᠠᠭᠤᠭᠠᠯᠢ ᠠᠷᠠᠳ ᠲᠣᠰ ᠮᠡᠳᠡᠭᠳᠡᠯ ᠢ ᠤᠬᠠᠮᠰᠠᠷ ᠠᠴᠠ ᠪᠠᠨ ᠰᠠᠬᠢᠵᠦ᠂ | ᠭᠠᠯᠵᠠᠭᠤ ᠡᠪᠡᠳᠴᠢᠨ ᠢ ᠰᠡᠷᠭᠡᠶᠢᠯᠡᠬᠦ ᠠᠵᠢᠯ ᠲᠠᠢ ᠰᠠᠶᠢᠳᠣᠷ ᠬᠠᠮᠵᠢᠯᠴᠠᠬᠤ ᠭᠡᠷᠡᠭᠲᠠᠢ᠃ | | | ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 3 ᠰᠠᠷ᠎ᠠ ᠶᠢᠨ 14 ᠤ ᠡᠳᠦᠷ |