ᠬᠤᠰᠢᠭᠤ ᠶᠡᠷᠥᠩᠬᠡᠶᠢᠯᠡᠭᠰᠡᠨ ᠳᠡᠬᠡᠳᠣ ᠵᠡᠷᠬᠡ ᠶᠢᠨ ᠳᠣᠮᠳᠠᠳᠣ ᠰᠣᠷᠭᠠᠭᠤᠯᠢ ᠨᠢ ᠬᠢᠵᠢᠭ ᠤᠨ ᠬᠤᠭᠤᠴᠠᠭᠠᠨ ᠎ ᠤ ᠰᠥᠯᠵᠢᠶᠡᠨ ᠳᠡᠬᠡᠷᠡᠬᠢ ᠬᠢᠴᠢᠶᠡᠯ ᠢ ᠤᠷᠤᠭᠰᠢᠳᠠᠢ ᠶᠠᠪᠤᠭᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/3/25
       ᠰᠢᠨ᠎ᠡ ᠳᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠢ ᠰᠠᠷᠬᠡᠶᠢᠯᠡᠨ ᠡᠵᠡᠮᠳᠡᠬᠦ ᠤᠨᠴᠠᠭᠠᠢ ᠴᠠᠭ ᠥᠶ᠎ᠡ ᠎ ᠳᠤ ᠶᠡᠷᠥᠩᠬᠡᠶᠢᠯᠡᠭᠰᠡᠨ ᠳᠡᠬᠡᠳᠣ ᠵᠡᠷᠬᠡ ᠶᠢᠨ ᠳᠣᠮᠳᠠᠳᠣ ᠰᠣᠷᠭᠠᠭᠤᠯᠢ ᠨᠢ 3 ᠳ᠋ᠣᠭᠠᠷ ᠰᠠᠷ᠎ᠠ ᠶᠢᠨ 1᠎ ᠤ ᠡᠳᠣᠷ ᠠᠴᠠ ᠡᠬᠢᠯᠡᠵᠤ ᠨᠠᠶᠢᠳᠠ253 ᠰᠣᠷᠣᠭᠴᠢᠳ ᠲᠠᠭᠠᠨ ᠰᠥᠯᠵᠢᠶᠡᠨ ᠳᠡᠬᠡᠷ᠎ᠡ ᠬᠢᠴᠢᠶᠠᠯ ᠤᠷᠤᠵᠤ ᠡᠬᠢᠯᠡᠭᠰᠡᠨ ᠪᠠᠶᠢᠨ᠎ᠠ᠃         ᠨᠠᠶᠢᠷᠰᠠᠭ ᠪᠠᠭᠰᠢ ᠪᠤᠯ ᠮᠠᠨ ᠤ ᠬᠤᠰᠢᠭᠤᠨ ᠤ ᠶᠡᠷᠥᠩᠬᠡᠶᠢᠯᠡᠭᠰᠡᠨ ᠳᠡᠬᠡᠳᠣ ᠵᠡᠷᠬᠡ ᠶᠢᠨ ᠳᠣᠮᠳᠠᠳᠣ ᠰᠣᠷᠭᠠᠭᠤᠯᠢ ᠶᠢᠨ ᠥᠨᠳᠣᠷ ᠳᠤᠮᠳᠠ ᠶᠢᠨ ᠮᠤᠩᠭᠤᠯ ᠬᠡᠯᠡᠨ ᠤ ᠪᠠᠭᠰᠢ᠂ ᠳᠡᠬᠡᠳᠣ ᠨᠢᠬᠡ ᠶᠢᠨ ᠠᠩᠬᠢ ᠶᠢᠨ ᠡᠷᠬᠢᠯᠡᠭᠴᠢ ᠪᠠᠶᠢᠵᠤ᠂ ᠰᠥᠯᠵᠢᠶᠡᠨ ᠳᠡᠬᠡᠷ᠎ᠡ ᠬᠢᠴᠢᠶᠠᠯ ᠤᠷᠤᠵᠤ ᠡᠬᠢᠯᠡᠭᠰᠡᠨ ᠠᠴᠠ ᠬᠤᠶᠢᠰᠢ ᠳᠠᠷᠠ ᠤᠤᠯ ᠶᠤᠰᠤᠭᠠᠷ ᠳᠡᠬᠡᠳᠣ ᠨᠢᠬᠡ ᠳᠡᠬᠡᠳᠣ ᠬᠤᠶᠠᠷ ᠤᠨ ᠮᠤᠩᠭᠤᠯ ᠬᠡᠯᠡ ᠪᠢᠴᠢᠭ ᠤᠨ ᠬᠢᠴᠢᠶᠠᠯ ᠢ ᠵᠢᠭᠠᠭᠰᠠᠭᠠᠷ ᠢᠷᠡᠵᠡᠢ᠃         ᠲᠠᠷᠡ ᠬᠢᠵᠢᠭ ᠤᠨ ᠬᠤᠭᠤᠴᠠᠭᠠᠨ ᠳᠤ ᠰᠥᠯᠵᠢᠶᠡᠨ ᠳᠡᠬᠡᠷ᠎ᠡ ᠰᠣᠷᠣᠭᠴᠢᠳ ᠢᠶᠠᠨ ᠬᠢᠴᠢᠶᠡᠯ ᠢ ᠨᠢ ᠴᠡᠬᠡᠵᠢᠯᠡᠬᠦᠯᠬᠦ᠂ ᠥᠪᠡᠷ ᠢᠶᠠᠷ ᠨᠢ ᠭᠠᠷ ᠬᠥᠳᠡᠯᠬᠡᠬᠡᠨ ᠪᠢᠴᠢᠬᠦᠯᠬᠦ ᠵᠡᠷᠬᠡ ᠬᠡᠯᠪᠡᠷᠢ ᠪᠠᠷ ᠰᠣᠷᠣᠭᠴᠢᠳ ᠤᠨ ᠬᠢᠴᠢᠶᠡᠯ ᠰᠣᠷᠣᠯᠭ᠎ᠠ ᠶᠢ ᠰᠢᠮᠳᠠᠭᠤᠯᠤᠨ ᠰᠣᠷᠣᠯᠴᠠᠭᠤᠯᠵᠤ ᠪᠠᠶᠢᠨ᠎ᠠ᠃         ᠥᠢᠯᠠᠭᠠᠭᠰᠠᠨ ᠢᠶᠠᠷ  ᠶᠡᠷᠥᠩᠬᠡᠶᠢᠯᠡᠭᠰᠡᠨ ᠳᠡᠬᠡᠳᠣ ᠵᠡᠷᠬᠡ ᠶᠢᠨ ᠳᠣᠮᠳᠠᠳᠣ ᠰᠣᠷᠭᠠᠭᠤᠯᠢ ᠶᠢᠨ ᠪᠠᠭᠰᠢᠨᠠᠷ ᠰᠥᠯᠵᠢᠶᠡᠨ ᠳᠡᠬᠡᠷᠡᠬᠢ ᠡᠯ᠎ᠡ ᠲᠥᠷᠥᠯ ᠤᠨ ᠬᠢᠴᠢᠶᠡᠯ ᠢ ︽ᠬᠢᠴᠢᠶᠡᠯ ᠵᠤᠭᠰᠣᠭᠰᠠᠨ ᠴᠦ ᠰᠣᠷᠣᠯᠭ᠎ᠠ ᠵᠤᠭᠰᠥᠬᠤ ᠥᠬᠡᠢ︾᠎ ᠪᠠᠷ ᠴᠢᠷᠮᠠᠶᠢᠨ ᠶᠠᠪᠤᠭᠳᠠᠭᠤᠯᠵᠤ᠂ 3 ᠳ᠋ᠣᠭᠠᠷ ᠰᠠᠷ᠎ᠠ ᠶᠢᠨ 30᠎ ᠤ ᠡᠳᠣᠷ ᠠᠴᠠ ᠡᠬᠢᠯᠡᠵᠣ ᠥᠨᠳᠣᠷ ᠲᠤᠮᠳᠠ ᠶᠢᠨ ᠭᠤᠷᠪᠠᠳᠣᠭᠠᠷ ᠤᠨ ᠤ ᠳᠡᠬᠦᠰᠬᠦ ᠰᠣᠷᠣᠭᠴᠢᠳ ᠢᠶᠠᠨ ᠵᠢᠩᠬᠢᠨᠢ ᠪᠠᠷ ᠬᠢᠴᠢᠶᠡᠯ ᠡᠬᠢᠯᠡᠬᠦᠯᠬᠦ ᠪᠠᠷ ᠤᠳᠣ ᠡᠯ᠎ᠡ ᠵᠥᠢᠯ ᠤᠨ ᠪᠡᠯᠡᠳᠬᠡᠯ ᠠᠵᠢᠯ ᠢᠶᠠᠨ ᠡᠷᠴᠢᠮᠳᠠᠢ ᠰᠠᠶᠢᠳᠣᠷ ᠬᠢᠵᠤ ᠪᠠᠶᠢᠨ᠎ᠠ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号