ᠱᠠᠭ᠎ᠠ ᠨᠠᠠᠭᠳᠣᠮ ᠤᠨ ᠤᠯᠠᠮᠵᠢᠯᠠᠭᠴᠢ ᠲᠥᠳᠥᠪ
ᠨᠡᠶᠢᠲᠡᠯᠡᠭᠰᠡᠨ ᠴᠠᠭ᠄
2020/4/24
    ᠰᠥᠨᠢᠳ ᠵᠡᠬᠦᠨ ᠬᠤᠰᠢᠭᠤ ᠨᠢ ︽ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠱᠠᠭ᠎ᠠ ᠶᠢᠨ ᠰᠣᠶᠣᠯ ᠤᠨ ᠥᠯᠥᠬᠡᠢ︾᠂ ︽ᠳᠣᠮᠳᠠᠳᠣ ᠣᠯᠣᠰ ᠤᠨ ᠮᠤᠩᠭᠤᠯ ᠥᠨᠳᠣᠰᠣᠳᠡᠨ ᠤ ᠱᠠᠭ᠎ᠠ ᠰᠣᠶᠣᠯ ᠤᠨ ᠥᠪᠯᠡᠨ ᠵᠠᠯᠭᠠᠮᠵᠢᠯᠠᠬᠤ ᠰᠠᠭᠤᠷᠢᠨ ᠭᠠᠵᠠᠷ︾ ᠬᠡᠬᠦ ᠨᠡᠷᠡᠶᠢᠳᠤᠯ ᠲᠠᠢ᠂ ᠰᠥᠨᠢᠳ ᠵᠡᠬᠦᠨ ᠬᠤᠰᠢᠭᠤᠨ ᠤ ᠱᠠᠭ᠎ᠠ ᠰᠣᠶᠣᠯ ᠤᠨ ᠨᠠᠶᠢᠬᠡᠮᠯᠢᠭ ᠨᠢ 2007 ᠤᠨ ᠳᠤ ᠪᠠᠶᠢᠭᠤᠯᠤᠭᠳᠠᠵᠤ᠂ ᠪᠥᠬᠦ ᠤᠷᠤᠨ ᠤ ᠬᠡᠪᠴᠢᠶᠠᠨ ᠳᠠᠬᠢ ᠠᠩᠬᠠᠳᠠᠭᠴᠢ ︽ᠱᠠᠭ᠎ᠠ ᠰᠣᠶᠣᠯ ᠤᠨ ᠨᠠᠶᠢᠬᠡᠮᠯᠢᠭ︾ ᠪᠤᠯᠤᠭᠰᠠᠨ ᠪᠠᠶᠢᠨ᠎ᠠ᠃     ᠰᠥᠨᠢᠳ ᠵᠡᠬᠦᠨ ᠬᠤᠰᠢᠭᠤᠨ ᠤ ᠱᠠᠭ᠎ᠠ ᠰᠣᠶᠣᠯ ᠤᠨ ᠨᠠᠶᠢᠬᠡᠮᠯᠢᠭ ᠤᠨ ᠳᠡᠷᠢᠬᠦᠯᠡᠭᠴᠢ᠂ ᠪᠠᠶᠠᠠᠨᠠᠭᠤᠷ ᠪᠠᠯᠭᠠᠰᠤᠨ ᠤ ᠴᠠᠭᠠᠠᠨᠠᠭᠤᠷ ᠭᠠᠴᠠᠭᠠᠨ ᠤ ᠲᠠᠷᠤᠭ᠎ᠠ ᠲᠥᠳᠥᠪ ᠪᠤᠯ ᠱᠠᠭ᠎ᠠ ᠨᠠᠭᠠᠳᠣᠮ ᠤᠨ ᠤᠷᠳ ᠤ ᠳᠡᠰ ᠤᠨ ᠥᠪᠯᠡᠨ ᠤᠯᠠᠮᠵᠢᠯᠠᠭᠴᠢ ᠪᠤᠯᠤᠨ᠎ᠠ᠃ ᠬᠠᠷᠠᠬᠠᠨ ᠪᠠᠭ᠎ᠠ ᠠᠴᠠ ᠪᠠᠨ ᠱᠠᠭ᠎ᠠ ᠨᠠᠭᠠᠳᠣᠮ ᠳᠤ ᠳᠣᠷ᠎ᠠ ᠪᠠᠭ᠋ᠠᠳᠠᠢ ᠪᠠᠶᠢᠵᠤ᠂ ᠱᠠᠭ᠎ᠠ ᠨᠠᠭᠠᠳᠬᠤ ᠶᠢᠨ ᠵᠠᠷᠬᠡᠪᠡᠷ ᠴᠤᠭᠯᠠᠭᠤᠯᠤᠨ ᠬᠠᠳᠠᠭᠠᠯᠠᠵᠤ᠂ 30 ᠰᠢᠬᠠᠮ ᠵᠢᠯ ᠳᠣᠳᠣᠷ᠎ᠠ 15000 ᠱᠠᠭ᠎ᠠ ᠴᠣᠭᠯᠠᠭᠤᠯᠤᠭᠰᠠᠨ ᠪᠠᠶᠢᠨ᠎ᠠ᠃ ᠰᠢᠨ᠎ᠡ ᠴᠠᠭ ᠥᠶ᠎ᠡ ᠳᠤ ᠥᠪᠡᠷ ᠤᠨ ᠤᠤᠭᠠᠯ ᠰᠣᠶᠣᠯ ᠢᠶᠠᠨ ᠤᠯᠠᠮᠵᠢᠯᠠᠵᠤ ᠬᠥᠭᠵᠢᠬᠦᠯᠬᠦ ᠶᠢ ᠪᠤᠳᠣᠵᠣ ᠶᠠᠪᠤᠳᠠᠭ ᠲᠡᠷᠡ᠂ ᠰᠥᠨᠢᠳ ᠵᠡᠬᠦᠨ ᠬᠤᠰᠢᠭᠤᠨ ᠤ ᠱᠠᠭ᠎ᠠ ᠶᠢᠨ ᠰᠣᠶᠣᠯ ᠤᠨ, ᠨᠠᠶᠢᠬᠡᠮᠯᠢᠭ ᠢ ᠰᠠᠨᠠᠭᠠᠴᠢᠯᠠᠨ ᠪᠠᠶᠢᠭᠤᠯᠵᠤ᠂ ᠠᠷᠪᠠᠭᠠᠳ ᠵᠢᠯ ᠤᠨ ᠴᠠᠭ ᠵᠠᠢ ᠶᠢ ᠵᠠᠷᠤᠴᠠᠭᠤᠯᠤᠨ ᠬᠡᠬᠡᠭᠳᠡᠮᠡᠷ ᠪᠠᠶᠢᠭᠰᠠᠨ ᠱᠠᠭ᠎ᠠ ᠨᠠᠭᠠᠳᠣᠮ ᠢ ᠰᠢᠯᠢ ᠶᠢᠨ ᠭᠤᠤᠯ ᠠᠶᠢᠮᠠᠭ ᠤᠨ ᠬᠡᠪᠴᠢᠶᠡᠨ ᠳᠤ ᠰᠡᠷᠬᠦᠬᠡᠨ ᠥᠷᠨᠢᠬᠦᠯᠬᠦ ᠳᠤ ᠴᠢᠬᠤᠯᠠ ᠥᠢᠯᠡᠳᠤᠯ ᠥᠵᠡᠬᠦᠯᠵᠡᠢ᠃     ᠤᠷᠴᠢᠮ ᠤᠨ ᠵᠢᠯ᠂ ︽ᠱᠠᠭ᠎ᠠ ᠰᠣᠶᠣᠯ ᠤᠨ ᠨᠠᠶᠢᠬᠡᠯᠢᠭ︾᠎ ᠠᠴᠠ ᠨᠠᠶᠢᠬᠡᠮᠯᠢᠭ ᠤᠨ ᠬᠡᠰᠢᠬᠦᠨ ᠡᠯᠰᠡᠬᠦ᠂ ᠱᠠᠭ᠎ᠠ ᠶᠢᠨ ᠤᠷᠤᠯᠳᠣᠭᠠᠨ᠂ ᠱᠠᠭ᠎ᠠ ᠤᠷᠠᠯᠠᠯ ᠤᠨ ᠳᠡᠯᠬᠡᠨ ᠥᠵᠡᠬᠦᠯᠥᠯᠬᠡ ᠶᠢᠨ ᠠᠵᠢᠯᠯᠠᠭ᠎ᠠ ᠥᠷᠨᠢᠬᠦᠯᠬᠦ᠂ ᠱᠠᠭ᠎ᠠ ᠰᠣᠶᠣᠯ ᠤᠨ ᠬᠢᠴᠢᠶᠡᠯ ᠤᠨ ᠪᠢᠴᠢᠭ ᠨᠠᠶᠢᠷᠠᠭᠤᠯᠵᠤ ᠪᠠᠭ᠎ᠠ ᠰᠤᠷᠭᠠᠭᠤᠯᠢ ᠶᠢᠨ ᠬᠢᠴᠢᠶᠡᠯ ᠲᠥᠷᠥᠯ ᠳᠤ ᠤᠷᠤᠭᠤᠯᠬᠤ᠂ ᠰᠣᠷᠣᠭᠴᠢᠳ ᠲᠤ ᠱᠠᠭ᠎ᠠ ᠨᠠᠭᠠᠳᠣᠮ ᠤᠨ ᠳᠣᠬᠠᠢ ᠵᠠᠩ ᠥᠢᠯᠡ ᠶᠢ ᠥᠢᠯᠠᠭᠠᠭᠤᠯᠬᠤ ᠵᠡᠷᠬᠡ ᠪᠥᠳᠣᠮᠵᠢᠳᠠᠢ ᠠᠷᠭ᠎ᠠ ᠠᠪᠴᠠᠯ ᠢᠶᠠᠷ ᠥᠨᠳᠣᠰᠣᠳᠡᠨ ᠤ ᠤᠯᠠᠮᠵᠢᠯᠠᠯᠳᠣ ᠱᠠᠭ᠎ᠠ ᠰᠣᠶᠣᠯ ᠢ ᠥᠪᠯᠡᠨ ᠬᠠᠮᠠᠭᠠᠯᠠᠬᠤ ᠶᠢ ᠵᠤᠷᠢᠵᠤ ᠪᠠᠶᠢᠨ᠎ᠠ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号