ᠠᠷᠠᠳ ᠤᠨ ᠳᠦᠯᠦᠭᠡᠯᠡᠭᠴᠢ ᠭᠠᠩᠵᠤᠷᠢᠭ ᠰᠢᠨ᠎ᠡ ᠠᠵᠠ ᠲᠤᠬᠢᠶᠠᠯ ᠢ ᠠᠮᠵᠢᠵᠤ ᠰᠢᠨ᠎ᠡ ᠬᠦᠭᠵᠢᠯᠲᠡ ᠶᠢ ᠡᠷᠢᠯᠬᠢᠯᠡᠨ ᠮᠠᠯᠴᠢᠳ ᠢᠶᠠᠨ ᠳᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2020/5/22
       ᠰᠦᠨᠢᠳ ᠵᠡᠬᠦᠨ ᠬᠤᠰᠢᠭᠤᠨ ᠤ ᠳᠠᠯᠠᠢ ᠰᠤᠮᠤᠨ ᠤ ᠬᠦᠭᠵᠢᠯᠲᠦ ᠭᠠᠴᠠᠭᠠᠨ ᠤ ᠮᠠᠯᠴᠢᠨ ᠭᠠᠩᠵᠤᠷᠢᠭ ᠪᠣᠯ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢ ᠪᠤᠯᠤᠨ᠎ᠠ᠃ ᠮᠦᠨ ᠴᠦ ᠨᠠᠮ ᠤᠨ ᠭᠡᠰᠢᠭᠦᠨ ᠤ ᠭᠤᠤᠯᠳᠠᠯᠭᠠᠲᠤ ᠡᠷᠦᠭᠡ᠂ ᠰᠢᠮᠡᠲᠦ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠬᠡᠷᠡᠭ ᠮᠡᠳᠡᠭᠴᠢ ᠶᠢᠨ ᠳᠠᠷᠤᠭ᠎ᠠ᠃ ᠭᠠᠩᠵᠤᠷᠢᠭ ᠠᠷᠠᠳ ᠤᠨ ᠲᠦᠯᠦᠭᠡᠯᠡᠭᠴᠢ ᠪᠤᠯᠤᠭᠰᠠᠨ ᠠᠴᠠ ᠨᠠᠰᠢ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠨᠢᠮᠪᠠᠢ ᠭᠦᠢᠴᠡᠳᠭᠡᠨ᠂ ᠦᠨᠳᠦᠰᠦᠨ ᠱᠠᠳᠤᠨ ᠤ ᠮᠠᠯᠴᠢᠳ ᠤᠨ ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠶᠢ ᠳᠡᠳᠭᠦᠭᠦ ᠠᠵᠢᠯ ᠢ ᠭᠤᠣᠯᠳᠠᠯᠭ᠎ᠠ ᠲᠠᠢ ᠠᠳᠬᠤᠨ᠂ ᠮᠠᠯᠵᠢᠬᠤ ᠦᠢᠯᠡᠳᠪᠦᠷᠢᠯᠡᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ ᠰᠢᠨ᠎ᠡ ᠠᠵᠠ ᠲᠤᠬᠢᠶᠠᠯ ᠢ ᠠᠮᠵᠢᠵᠤ ᠰᠢᠨ᠎ᠡ ᠬᠦᠭᠵᠢᠯᠲᠡ ᠶᠢ ᠡᠷᠢᠯᠬᠢᠯᠡᠨ ᠮᠠᠯᠴᠢᠳ ᠢᠶᠠᠨ ᠳᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠨ᠎ᠠ᠃        ᠭᠠᠩᠵᠤᠷᠢᠭ ᠤᠨ ᠨᠢᠭᠡ ᠰᠡᠳᠬᠢᠯ ᠢᠶᠠᠷ ᠠᠷᠠᠳ ᠢᠶᠠᠨ ᠪᠣᠳᠤᠵᠤ ᠠᠷᠠᠳ ᠲᠤ ᠪᠠᠨ ᠦᠢᠯᠡᠴᠢᠯᠡᠬᠦ ᠠᠷᠢᠭᠤᠨ ᠰᠠᠨᠠᠭ᠎ᠠ  ᠨᠢ ᠦᠨᠳᠦᠰᠦᠨ ᠱᠠᠲᠤᠨ ᠤ ᠨᠢᠭᠡᠨ ᠠᠷᠠᠳ ᠤᠨ ᠲᠦᠯᠦᠭᠡᠯᠡᠭᠴᠢ ᠶᠢᠨ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠭᠡᠬᠦ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠢᠯᠡᠷᠡᠭᠦᠯᠦᠨ᠂ ᠨᠡᠶᠢᠭᠡᠮ ᠵᠢᠷᠤᠮᠲᠤ ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠳᠤ ᠢᠲᠡᠭᠡᠯ ᠬᠦᠴᠦᠨ ᠨᠡᠮᠡᠷᠢᠯᠡᠨ᠎ᠡ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号