︽ᠠᠶᠠᠨ︾ ᠤᠷᠴᠢᠨ ᠠᠬᠤᠢ ᠬᠠᠮᠠᠭᠠᠯᠠᠬᠤ ᠪᠦᠯᠬᠦᠮ ᠤᠨ ᠪᠠᠶᠠᠨᠬᠠᠷᠠᠭᠠᠲᠤ ᠭᠠᠴᠠᠭᠠᠨ ᠤ ᠬᠤᠪᠢᠶᠠᠷᠢ ᠳᠤᠭᠤᠶᠢᠯᠠᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ
ᠨᠡᠶᠢᠲᠡᠯᠡᠭᠰᠡᠨ ᠴᠠᠭ᠄
2020/5/22
        2020 ᠣᠨ ᠤ 5 ᠰᠠᠷ᠎ᠠ ᠶᠢᠨ 3 ᠤ ᠡᠳᠦᠷ᠂ ᠪᠠᠶᠠᠨᠬᠠᠷᠠᠭᠠᠲᠤ ᠭᠠᠴᠠᠭᠠᠨ ᠤ ᠠᠶᠠᠨ ᠪᠦᠯᠬᠦᠮ ᠤᠨ 9 ᠨᠦᠭᠦᠳ ᠰᠠᠶᠢᠨ ᠳᠤᠷ᠎ᠠ ᠠᠴᠠ ᠪᠠᠨ ᠨᠢᠭᠡᠨ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠦᠷᠨᠢᠭᠦᠯᠦᠭᠰᠡᠨ ᠪᠠᠶᠢᠨ᠎ᠠ᠃       5 ᠰᠠᠷ᠎ᠠ ᠶᠢᠨ 1 ᠪᠠ 5 ᠰᠠᠷ᠎ᠠ ᠶᠢᠨ 4 ᠤ ᠪᠠᠶᠠᠷ ᠲᠤ ᠲᠤᠬᠢᠶᠠᠯᠳᠤᠭᠤᠯᠤᠨ᠂ ᠪᠠᠶᠠᠨᠬᠠᠷᠠᠭᠠᠲᠤ ᠭᠠᠴᠠᠭᠠᠨ ᠲᠥᠪ ᠠᠴᠠ ᠴᠠᠷᠳᠠᠮᠠᠯ ᠵᠠᠮ ᠬᠦᠷᠬᠦ 22 ᠺᠢᠯᠤᠮᠧᠲᠷ ᠤᠨ ᠵᠠᠢ ᠳᠤ᠂ ᠰᠠᠶᠢᠨ ᠳᠤᠷᠠᠴᠤᠤᠯ ᠮᠠᠨᠢ ᠪᠦᠬᠦᠯᠢ 4 ᠴᠠᠭ ᠦᠷᠭᠦᠯᠵᠢᠯᠡᠨ ᠠᠵᠢᠯᠯᠠᠵᠤ᠂ 2 ᠲᠤᠨ ᠣᠷᠴᠢᠮ ᠤᠨ ᠬᠤᠭ ᠨᠤᠪᠰᠢ ᠶᠢ ᠴᠡᠪᠡᠷᠯᠡᠵᠦ᠂ ᠬᠤᠰᠢᠭᠤᠨ ᠤ ᠬᠤᠭ ᠨᠤᠪᠰ᠊ ᠨᠢᠬᠡᠳᠣᠮᠠᠯ ᠲᠠᠢ ᠰᠢᠢᠳᠪᠦᠷᠢᠯᠡᠬᠦ ᠭᠠᠵᠠᠷ ᠳᠡᠭᠡᠭᠡᠪᠦᠷᠢᠯᠡᠨ ᠠᠪᠴᠢᠷᠠᠵᠤ ᠬᠠᠶᠠᠭᠰᠠᠨ ᠪᠠᠶᠢᠨ᠎ᠠ᠃ ᠲᠤᠰ ᠤᠳᠠᠭᠠᠨ ᠤ ᠠᠵᠢᠯ ᠬᠠᠳᠠᠭᠤᠵᠢᠯᠲᠠᠢ ᠪᠠᠶᠢᠭᠰᠠᠨ ᠴᠤ ᠰᠠᠶᠢᠨ ᠳᠤᠷᠠᠴᠤᠤᠯ ᠤᠨ ᠮᠠᠨᠢ ᠤᠷᠴᠢᠨ ᠠᠬᠤᠢ ᠪᠠᠨ ᠬᠠᠶᠢᠷᠠᠯᠠᠨ ᠬᠠᠮᠠᠭᠠᠯᠠᠬᠤ ᠰᠡᠳᠬᠢᠯᠭᠡ  ᠨᠢ ᠨᠡᠩ ᠰᠢᠭᠤᠷᠬᠠᠢ ᠪᠠᠶᠢᠭᠰᠠᠨ ᠤ ᠦᠷ᠎ᠡ ᠳ᠋ᠦᠩ ᠳᠤ ᠵᠠᠮ ᠤᠨ ᠬᠤᠶᠠᠷ ᠲᠠᠯ᠎ᠠ ᠦᠨᠡᠬᠡᠷ ᠴᠡᠪᠡᠷ ᠪᠤᠯᠤᠭᠰᠠᠨ ᠪᠠᠶᠢᠨ᠎ᠠ᠃       ᠬᠡᠳᠦᠨ ᠬᠦᠮᠦᠨ ᠤ ᠦᠢᠯᠡ ᠠᠵᠢᠯᠯᠠᠭ᠎ᠠ᠂ ᠬᠡᠴᠢᠨᠡᠨ ᠬᠦᠮᠦᠨ ᠢ ᠨᠦᠯᠦᠭᠡᠯᠡᠵᠦ ᠳᠡᠶᠢᠯᠬᠦ ᠭᠡᠳᠡᠭ ᠲᠤ ᠣᠭᠲᠣ ᠲᠠᠲᠠᠭᠠᠯᠵᠠᠬᠤ ᠦᠭᠡᠢ ᠪᠠᠶᠢᠨ᠎ᠠ᠃ ᠲᠤᠰ ᠤᠳᠠᠭᠠᠨ ᠤ ᠦᠢᠯᠡ ᠠᠵᠢᠯᠯᠠᠭ᠎ᠠ ᠨᠢ ᠪᠠᠰᠠ ᠨᠡᠶᠢᠭᠡᠮ ᠤᠨ ᠡᠯ᠎ᠡ ᠡᠲᠡᠭᠡᠳ ᠤᠨ ᠮᠠᠭᠲᠠᠭᠠᠯ ᠢ ᠬᠦᠷᠲᠡᠵᠡᠢ᠃ ᠬᠤᠵᠢᠮ ᠬᠤᠶᠢᠰᠢᠲᠡ ︽ᠴᠡᠪᠡᠷ ᠴᠡᠮᠴᠡᠭᠡᠷ ᠪᠠᠶᠠᠨᠬᠠᠷᠠᠭᠠᠲᠤ ᠭᠠᠴᠠᠭ᠎ᠠ ᠪᠠᠨ ᠬᠠᠮᠲᠤ ᠳᠠᠭᠠᠨ ᠴᠤᠭᠴᠠᠯᠠᠨ ᠪᠠᠶᠢᠭᠤᠯᠤᠶ᠎ᠠ︾ ᠭᠡᠵᠦ ᠠᠳᠡ ᠠᠴᠠ ᠪᠦᠬᠦ ᠭᠠᠴᠠᠭᠠᠨ ᠤ ᠮᠠᠯᠴᠢᠨ ᠲᠦᠮᠡᠨ ᠴᠢᠨᠠᠭᠰᠢᠲᠠ ᠨᠡᠩ ᠤᠯᠠᠨ ᠬᠦᠮᠦᠨ ᠢ ᠤᠷᠢᠶᠠᠯᠠᠵᠤ ᠪᠠᠶᠢᠨ᠎ᠠ᠃       ᠮᠦᠨᠴᠦ ᠪᠠᠶᠠᠠᠬᠠᠷᠠᠭᠠᠳᠣ ᠭᠠᠴᠠᠭᠠᠨ ᠤ ᠡᠶᠢᠮᠦ ᠰᠢᠯᠢᠳᠡᠭ ᠵᠠᠯᠠᠭᠤᠰ ᠢᠶᠠᠨ ᠡᠷᠡᠬᠡᠢ ᠭᠠᠷᠭᠠᠨ ᠰᠠᠶᠢᠰᠢᠶᠠᠶ᠎ᠠ︕ ᠲᠠᠨᠠᠷ ᠤᠨ ᠳᠡᠮᠵᠢᠯᠭᠡ ᠪᠠᠶᠢᠭᠰᠠᠨ ᠴᠠᠭ ᠲᠤ ᠪᠠᠶᠠᠨᠬᠠᠷᠠᠭᠠᠲᠤ ᠭᠠᠴᠠᠭ᠎ᠠ ᠨᠡᠩ ᠴᠡᠪᠡᠷ ᠴᠡᠮᠴᠡᠭᠡᠷ ᠪᠤᠯᠵᠤ ᠬᠤᠵᠢᠮ ᠤᠨ ᠮᠠᠷᠭᠠᠰᠢ ᠦᠯᠡᠳᠡᠭᠳᠡᠨ᠎ᠡ ᠭᠡᠵᠦ ᠢᠳᠡᠭᠡᠵᠦ ᠪᠠᠶᠢᠨ᠎ᠠ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号