ᠭᠠᠯ ᠲᠠᠬᠢᠯᠭ᠎ᠠ ᠶᠢᠨ ᠴᠠᠢ
ᠨᠡᠶᠢᠲᠡᠯᠡᠭᠰᠡᠨ ᠴᠠᠭ᠄
2020/6/18
        ᠭᠠᠯ ᠲᠠᠬᠢᠯᠭ᠎ᠠ ᠶᠢᠨ ᠵᠠᠩ ᠦᠢᠯᠡ ᠪᠣᠯ ᠨᠡᠶᠢᠲᠡ ᠮᠣᠩᠭᠤᠯ ᠲᠤᠭᠤᠷᠭᠠᠲᠠᠨ ᠤ ᠨᠡᠶᠢᠲᠡᠯᠢᠭ ᠲᠦᠭᠡᠮᠡᠯ ᠰᠢᠲᠦᠭᠡᠨ ᠤ ᠬᠡᠯᠪᠢᠷᠢ ᠪᠣᠯᠣᠨ᠎ᠠ᠃ ᠪᠠᠰᠠ ᠴᠤ ᠶᠡᠭᠡ ᠡᠷᠲᠡ ᠳᠡᠭᠡᠷ᠎ᠡ ᠦᠶ᠎ᠡ ᠠᠴᠠ ᠤᠯᠠᠮᠵᠢᠯᠠᠯ ᠪᠦᠬᠦᠢ ᠮᠠᠯᠴᠢᠨ ᠤ ᠰᠤᠶᠤᠯ ᠶᠤᠮ᠃ ᠮᠣᠩᠭᠤᠯ ᠬᠦᠮᠦᠨ ᠭᠠᠯ ᠢ ᠡᠷᠬᠢᠮᠯᠡᠨ ᠬᠦᠨᠳᠦᠯᠡᠬᠦ᠂ ᠡᠩᠬᠡ ᠲᠤᠩᠬ᠎ᠠ ᠥᠭᠡᠳᠡ ᠬᠡᠢ ᠮᠣᠷᠢ ᠲᠠᠢ ᠰᠠᠶᠢᠨ ᠰᠠᠶᠢᠬᠠᠨ ᠢ ᠵᠦᠩᠨᠡᠭᠰᠡᠨ ᠪᠡᠯᠭᠡᠳᠡᠯ ᠤᠨ ᠠᠭᠤᠯᠭ᠎ᠠ ᠲᠠᠢ ᠶᠤᠮ᠃ ᠡᠶᠢᠮᠦ ᠠᠴᠠ ᠰᠦᠨᠢᠳᠴᠤᠳ ᠬᠦᠬᠡᠬᠡ ᠰᠠᠷ᠎ᠠ ᠶᠢᠨ ᠬᠤᠷᠢᠨ ᠭᠤᠷᠪᠠᠨ᠂ ᠬᠤᠷᠢᠨ ᠳᠦᠷᠪᠡᠨ ᠳᠤ ᠭᠠᠯ ᠲᠠᠬᠢᠬᠤ ᠶᠣᠰᠤᠨ ᠢ ᠬᠢᠳᠡᠭ᠃ ᠬᠦᠬᠡᠬᠡ ᠰᠠᠷ᠎ᠠ ᠶᠢᠨ ᠬᠤᠷᠢᠨ ᠭᠤᠷᠪᠠᠨ ᠳᠤ ᠲᠠᠶᠢᠵᠢ ᠢᠵᠠᠭᠤᠷᠲᠠᠨ᠂ ᠬᠤᠷᠢᠨ ᠳᠦᠷᠪᠡᠨ ᠳᠤ ᠡᠭᠡᠯ ᠠᠷᠠᠳ ᠭᠠᠯ ᠢᠶᠠᠨ ᠲᠠᠬᠢᠳᠠᠭ᠃ ᠮᠠᠯ ᠰᠦᠷᠦᠭ ᠬᠤᠲᠠᠯᠠᠵᠤ ᠣᠳᠣᠳ ᠲᠦᠭᠡᠭᠰᠡᠨ ᠤ ᠳᠠᠷᠠᠭ᠎ᠠ ᠭᠠᠯ ᠢᠶᠠᠨ ᠲᠠᠬᠢᠬᠤ ᠶᠣᠰᠤᠲᠠᠢ᠃ ᠭᠠᠯ ᠲᠠᠬᠢᠬᠤ ᠳᠠᠭᠠᠨ ᠡᠭᠦᠳᠡ ᠪᠣᠯᠣᠨ ᠬᠤᠶᠢᠮᠤᠷ ᠲᠠᠭᠠᠨ ᠰᠢᠷᠢᠮᠡᠯ ᠰᠢᠷᠳᠡᠭ ᠳᠡᠪᠢᠰᠴᠦ᠂ ᠨᠢᠭᠡ ᠭᠡᠷ ᠤᠨ ᠶᠡᠭᠡ ᠪᠠᠭ᠎ᠠ ᠭᠡᠰᠡᠨ ᠦᠭᠡᠢ ᠴᠡᠪᠡᠷ ᠰᠠᠶᠢᠬᠠᠨ ᠬᠤᠪᠴᠠᠰᠦ ᠪᠠᠨ ᠡᠮᠦᠰᠴᠦ᠂ ᠭᠡᠷ ᠤᠨ ᠡᠵᠡᠨ ᠤ ᠳᠠᠭᠠᠭᠤᠯᠭ᠎ᠠ ᠪᠠᠷ ᠬᠤᠨᠢᠨ ᠤ ᠡᠪᠴᠢᠭᠦᠦ ᠶᠢ ᠲᠡᠮᠡᠭᠡᠨ ᠤ ᠤᠩᠭᠤᠰᠤᠨ ᠤᠲᠠᠰᠤ ᠪᠠᠷ ᠣᠷᠢᠶᠠᠵᠤ᠂ ᠰᠡᠮᠡᠵᠡᠨ ᠳᠤᠨᠢ ᠪᠤᠭᠤᠵᠤ ᠭᠠᠯ ᠳᠡᠭᠡᠭᠦᠷ ᠢᠶᠠᠨ ︽ᠬᠤᠷᠤᠢ︕ ᠬᠤᠷᠤᠢ︕ ᠬᠤᠷᠤᠢ︕︾ ᠭᠡᠵᠦ ᠭᠤᠷᠪᠠ ᠵᠥᠪ ᠡᠷᠬᠢᠭᠦᠯᠦᠨ ᠭᠠᠯ ᠲᠤᠯᠭ᠎ᠠ ᠳᠠᠭᠠᠨ ᠡᠷᠭᠦᠵᠦ᠂ ᠳᠡᠭᠡᠷ᠎ᠡ ᠨᠢ ᠠᠷᠢᠬᠢ ᠰᠢᠷ᠎ᠠ  ᠢᠳᠡᠭᠡ᠂ ᠳᠤᠷᠳᠤᠩ ᠲᠤᠷᠭᠠᠨ ᠭᠡᠵᠦ ᠭᠤᠷᠪᠠ ᠵᠥᠪ ᠡᠷᠬᠢᠭᠦᠯᠦᠨ ᠭᠠᠯ ᠲᠤᠯᠭ᠎ᠠ ᠳᠠᠭᠠᠨ ᠡᠷᠭᠦᠵᠦ ᠳᠡᠭᠡᠷ᠎ᠡ ᠨᠢ ᠠᠷᠢᠬᠢ᠂ ᠰᠢᠷ᠎ᠠ ᠲᠣᠰᠣ᠂ ᠴᠠᠭᠠᠨ ᠢᠳᠡᠭᠡ᠂ ᠳᠤᠷᠳᠤᠩ ᠲᠤᠷᠭᠠᠨ ᠦᠭᠡᠳᠡᠰᠦ᠂ ᠲᠠᠪᠤᠨ ᠲᠠᠷᠢᠶ᠎ᠠ ᠶᠢᠨ ᠦᠷ᠎ᠡ ᠠᠷᠴᠠ᠂ ᠽᠠᠨᠳᠠᠨ ᠵᠡᠷᠭᠡ ᠶᠢ ᠡᠷᠭᠦᠵᠦ᠂ ᠮᠠᠯ ᠤᠨ ᠪᠤᠶᠠᠨ᠂ ᠡᠳ᠋ ᠤᠨ ᠪᠤᠶᠠᠨ᠂ ᠡᠩᠬᠡ ᠶᠢᠨ ᠪᠤᠶᠠᠨ ᠢ ᠨᠢ ᠳᠠᠭᠠᠳᠬᠠᠵᠤ᠂ ᠦᠯᠵᠡᠢ ᠬᠡᠢ ᠮᠣᠷᠢ ᠡᠩᠬᠡ ᠲᠤᠩᠬ᠎ᠠ ᠪᠤᠶᠠᠨ ᠵᠢᠷᠭᠠᠯ ᠲᠠᠢ ᠶᠠᠪᠤᠬᠤ ᠶᠢ ᠨᠠᠮᠠᠨᠴᠢᠯᠠᠨ ᠭᠤᠷᠪᠠᠨᠲᠠ ᠮᠦᠷᠭᠦᠵᠦ᠂ ᠬᠦᠮᠦᠨ ᠪᠦᠬᠦᠨ ᠭᠠᠯ ᠳᠠᠭᠠᠨ ᠬᠤᠷᠢᠨ ᠬᠦᠵᠢ ᠠᠰᠠᠭᠠᠵᠤ ᠦᠪᠡᠷ ᠤᠨ ᠰᠦᠰᠦᠭ ᠪᠢᠰᠢᠷᠡᠯ ᠤᠨ ᠡᠭᠦᠳᠡᠨ ᠠᠴᠠ ᠭᠠᠯ ᠳᠠᠭᠠᠨ ᠡᠷᠭᠦᠴᠡ ᠡᠷᠭᠦᠳᠡᠭ ᠪᠠᠶᠢᠨ᠎ᠠ᠃        ᠭᠠᠯ ᠢᠶᠠᠨ ᠲᠠᠬᠢᠵᠤ ᠳᠠᠭᠤᠰᠤᠮᠠᠭᠴᠠ ᠭᠡᠷ ᠲᠡᠭᠡᠨ ᠭᠠᠯ ᠲᠠᠬᠢᠯᠭ᠎ᠠ ᠶᠢᠨ ᠴᠠᠢ ᠤᠤᠭᠤᠵᠤ᠂ ᠢᠳᠡᠭᠡ ᠪᠤᠳᠠᠭ᠎ᠠ ᠪᠦᠷᠢᠳᠭᠡᠵᠦ᠂ ᠠᠷᠢᠬᠢ ᠰᠠᠷᠬᠤᠳ ᠬᠡᠮᠨᠡᠵᠦ ᠨᠠᠶᠢᠷᠠᠯᠳᠤᠨ ᠰᠠᠭᠤᠳᠠᠭ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号