ᠰᠥᠨᠢᠳ ᠵᠡᠬᠦᠨ ᠬᠤᠰᠢᠭᠤᠨ ᠤ 11 ᠭᠠᠴᠠᠭ᠎ᠠ ᠰᠢᠯᠢᠳᠡᠭ ᠢᠳᠡᠭᠡᠮᠵᠢᠳᠤ ᠭᠠᠴᠠᠭ᠎ᠠ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2020/6/19
        ᠤᠢᠢᠷ᠎ᠠ ᠶᠢᠨ ᠡᠳᠤᠷ᠂ ᠰᠥᠨᠢᠳ ᠵᠠᠬᠦᠨ ᠬᠤᠰᠢᠭᠤᠨ ᠤ ᠬᠥᠳᠡᠭᠡ ᠳᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ᠪᠠᠶᠠᠨᠬᠠᠡᠭᠭᠠᠢ ᠭᠠᠴᠠᠭᠠᠨ ᠳᠤ 2020 ᠤᠨ ᠤ ᠠᠩᠬᠠᠳᠠᠭᠴᠢ ᠪᠥᠯᠥᠭ ᠰᠢᠯᠢᠳᠡᠭ ᠢᠳᠡᠭᠡᠮᠵᠢᠳᠤ ᠭᠠᠴᠠᠭ᠎ᠠ ᠳᠤ ᠢᠯᠡᠷᠭᠡᠶᠢᠯᠡᠯ ᠤᠯᠭᠤᠬᠤ ᠶᠤᠰᠤᠯᠠᠯ ᠶᠠᠪᠤᠭᠳᠠᠭᠤᠯᠪᠠ᠃         ᠶᠤᠰᠤᠯᠠᠯ ᠳᠤ᠂ ᠮᠠᠨ ᠤ ᠬᠤᠰᠢᠭᠤᠨ ᠤ ᠬᠥᠳᠡᠭᠡ ᠳᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶᠠᠨ ᠤ ᠬᠠᠷᠢᠭᠤᠴᠠᠯᠭᠠᠳᠠᠨ ᠠᠴᠠ ᠭᠠᠴᠠᠭᠠᠨ ᠤ ᠨᠠᠮ ᠤᠨ ᠡᠬᠦᠷ᠂ ᠠᠷᠠᠳ ᠤᠨ ᠵᠥᠪᠯᠡᠯ ᠳᠤ ᠢᠳᠡᠭᠡᠮᠵᠢᠳᠤ ᠳᠠᠭᠠᠭᠤᠯᠤᠭᠴᠢ ᠶᠢᠨ ᠢᠷᠠᠭᠤ ᠠᠯᠳᠠᠷ ᠤᠨ ᠥᠨᠡᠮᠯᠡᠯ ᠤᠯᠭᠤᠵᠤ᠂ ᠭᠠᠴᠠᠭᠠᠨ ᠤ ᠨᠠᠮ ᠤᠨ ᠡᠬᠦᠷ᠂ ᠠᠷᠠᠳ ᠤᠨ ᠵᠥᠪᠯᠡᠯ ᠲᠠᠢ ᠬᠠᠷᠠᠭᠠᠯᠵᠠᠯ ᠤᠨ ᠳᠥᠷᠥ ᠶᠢᠨ ᠪᠤᠳᠤᠯᠭ᠎ᠠ ᠶᠢᠨ ᠵᠦᠪᠳᠡᠯᠴᠡᠭᠡᠷ ᠳᠤᠭᠳᠠᠭᠰᠠᠨ ᠪᠠᠶᠢᠨ᠎ᠠ᠃ ᠪᠠᠶᠠᠨᠬᠠᠡᠭᠭᠠᠢ ᠭᠠᠴᠠᠭᠠᠨ ᠤ ᠳᠠᠷᠤᠭ᠎ᠠ ᠡᠩᠭᠡᠪᠡᠳᠤ᠄ ︽ᠢᠳᠡᠭᠡᠮᠵᠢᠳᠤ ᠭᠠᠴᠠᠭ᠎ᠠ ᠪᠤᠯᠤᠭᠰᠠᠨ ᠤ ᠳᠠᠷᠠᠭ᠎ᠠ ᠮᠠᠯᠴᠢᠳ ᠵᠢᠭᠡᠯᠡᠯᠭᠡ ᠠᠪᠬᠤ ᠳᠤ ᠠᠮᠠᠷᠬᠠᠨ ᠪᠤᠯᠵᠦ᠂ ᠬᠤᠭᠤᠴᠠᠭ᠎ᠠ ᠨᠢ ᠬᠠᠷᠢᠴᠠᠩᠭᠤᠢ ᠪᠠᠷ ᠤᠷᠳᠤ ᠪᠤᠯᠵᠠᠢ᠂ ᠡᠨᠡ ᠪᠤᠯ ᠭᠠᠴᠠᠭᠠᠨ ᠤ ᠨᠠᠮ ᠤᠨ ᠡᠬᠦᠷ᠂ ᠠᠷᠠᠳ ᠤᠨ ᠵᠥᠪᠯᠡᠯ ᠤᠨ ᠭᠡᠰᠢᠬᠦᠳ ᠪᠠ ᠮᠠᠯᠴᠢᠳ ᠬᠠᠮᠳᠤᠪᠡᠷ ᠴᠢᠷᠮᠠᠶᠢᠭᠰᠠᠨ ᠤ ᠥᠷ᠎ᠠ ᠳ᠋ᠥᠩ ᠪᠤᠯᠤᠨ᠎ᠠ᠃ ᠪᠢᠳᠡ ᠮᠠᠯᠵᠢᠬᠤ ᠥᠢᠯᠡᠳᠪᠤᠷᠢᠯᠡᠯ ᠳᠤᠮᠳᠠ ᠪᠡᠯᠡ ᠮᠥᠩᠬᠦ ᠳᠤᠳᠠᠭᠳᠠᠬᠤ ᠥᠶ᠎ᠠ ᠳᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠳᠤ ᠬᠥᠷᠴᠤ ᠵᠢᠭᠡᠯᠡᠯᠭᠡ ᠠᠪᠴᠤ ᠪᠤᠯᠤᠨ᠎ᠠ᠂ ᠡᠨᠡ ᠨᠢ ᠮᠠᠯᠴᠢᠳ ᠤᠨ ᠥᠢᠯᠡᠳᠪᠤᠷᠢᠯᠡᠯ ᠠᠮᠢᠳᠤᠷᠠᠯ ᠳᠤ ᠳᠤᠩ ᠶᠡᠭᠡ ᠬᠠᠪᠰᠤᠷᠤᠯᠭ᠎ᠠ ᠪᠤᠯᠵᠤ᠂ ᠮᠠᠯᠴᠢᠳ ᠲᠤ ᠥᠨᠡᠨ ᠪᠤᠳᠠᠳᠠᠢ ᠰᠠᠶᠢᠨ ᠠᠵᠢᠯ ᠬᠢᠵᠤ ᠥᠭᠬᠦᠭᠰᠡᠨ ᠪᠠᠶᠢᠨ᠎ᠠ︾ ᠭᠡᠵᠤ ᠶᠠᠷᠢᠯ᠎ᠠ᠃         ᠤᠢᠢᠷ᠎ᠠ ᠶᠢᠨ ᠵᠢᠯ ᠤᠨ ᠳᠤᠷᠰᠢ᠂ ᠮᠠᠨ ᠤ ᠬᠤᠰᠢᠭᠤᠨ ᠤ ᠬᠥᠳᠡᠭᠡ ᠳᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ᠢᠳᠡᠭᠡᠮᠵᠢᠳᠤ ᠡᠷᠤᠭᠡ᠂ ᠢᠳᠡᠭᠡᠮᠵᠢᠳᠤ ᠭᠠᠴᠠᠭ᠎ᠠ ᠶᠢ ᠥᠨᠡᠯᠡᠨ ᠲᠤᠭᠳᠠᠭᠠᠬᠤ ᠠᠵᠢᠯ ᠢ ᠢᠳᠡᠪᠬᠢᠳᠡᠢ ᠠᠬᠢᠭᠤᠯᠵᠤ᠂ ᠭᠠᠴᠠᠭᠠᠨ ᠳᠤ ᠬᠥᠨᠵᠡᠭᠡᠶᠢᠷᠡᠨ ᠢᠳᠡᠭᠡᠮᠵᠢᠳᠤ ᠡᠷᠤᠭᠡ᠂ ᠢᠳᠡᠭᠡᠮᠵᠢᠳᠤ ᠭᠠᠴᠠᠭ᠎ᠠ ᠶᠢ ᠪᠠᠶᠢᠭᠤᠯᠬᠤ ᠶᠢᠨ ᠴᠢᠬᠤᠯᠠ ᠴᠢᠨᠠᠷ ᠪᠠ ᠬᠠᠮᠢᠶ᠎ᠠ ᠪᠥᠬᠦᠢ ᠬᠠᠷᠠᠭᠠᠯᠵᠠᠯ ᠤᠨ ᠳᠥᠷᠥ ᠶᠢᠨ ᠪᠤᠳᠤᠯᠭ᠎ᠠ ᠶᠢ ᠤᠬᠠᠭᠤᠯᠤᠨ᠂ ᠥᠷᠭᠡᠨ ᠤᠯᠠᠨ ᠮᠠᠯᠴᠢᠨ ᠳᠥᠮᠡᠨ ᠤ ᠢᠳᠡᠭᠡᠮᠵᠢ ᠶᠢᠨ ᠤᠬᠠᠮᠰᠠᠷ ᠢ ᠤᠯᠠᠮ ᠢᠶᠠᠷ ᠳᠡᠭᠡᠭᠰᠢᠯᠡᠬᠦᠯᠥᠨ᠂ ᠢᠳᠡᠭᠡᠮᠵᠢᠳᠤ ᠭᠠᠴᠠᠭ᠎ᠠ ᠶᠢ ᠪᠠᠶᠢᠭᠤᠯᠬᠤ ᠳᠤ ᠥᠨᠳᠤᠰᠤᠨ ᠪᠠᠳᠤᠯᠠᠭ᠎ᠠ ᠬᠠᠩᠭᠠᠭᠰᠠᠨ ᠪᠠᠶᠢᠨ᠎ᠠ᠃ ᠤᠳᠤᠬᠠᠨ ᠳᠤ᠂ ᠪᠥᠬᠦ ᠬᠤᠰᠢᠭᠤᠨ ᠤ 49 ᠭᠠᠴᠠᠭᠠᠨ ᠠᠴᠠ 11 ᠭᠠᠴᠠᠭ᠎ᠠ ᠰᠢᠯᠢᠳᠡᠭ ᠢᠳᠡᠭᠡᠮᠵᠢᠳᠤ ᠭᠠᠴᠠᠭ᠎ᠠ ᠪᠠᠷ ᠥᠨᠡᠯᠡᠭᠳᠡᠵᠤ᠂ ᠢᠳᠡᠭᠡᠮᠵᠢᠳᠤ ᠭᠠᠴᠠᠭ᠎ᠠ ᠨᠢ ᠳᠤᠤᠷ᠎ᠠ ᠬᠥᠤ ᠮᠥᠩᠬᠦ ᠶᠢᠨ ᠬᠠᠷᠠᠭᠠᠯᠵᠠᠯ ᠲᠠᠢ᠂ ᠪᠠᠳᠤᠯᠠᠭᠠᠨ ᠤ ᠬᠥᠮᠥᠨ ᠭᠡᠷᠡᠭᠯᠡᠬᠦ ᠥᠭᠡᠢ᠂ ᠮᠥᠩᠬᠦᠨ ᠬᠥᠢᠯᠭᠡᠭᠡᠨ ᠤ ᠥᠢᠯᠡᠴᠢᠯᠡᠭᠡᠨ ᠤ ᠰᠠᠭᠠᠳ ᠥᠭᠡᠢ ᠨᠠᠪᠳᠠᠷᠠᠬᠦ ᠵᠡᠷᠭᠡ ᠤᠯᠠᠨ ᠵᠥᠢᠯ ᠤᠨ ᠬᠠᠷᠠᠭᠠᠯᠵᠠᠯ ᠤᠨ ᠳᠥᠷᠥ ᠶᠢᠨ ᠪᠤᠳᠤᠯᠭ᠎ᠠ ᠶᠢ ᠬᠥᠷᠳᠡᠬᠦ ᠪᠤᠯᠤᠨ᠎ᠠ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号