ᠰᠥᠨᠢᠳ ᠵᠡᠭᠦᠨ ᠬᠤᠰᠢᠭᠤᠨ ᠤ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠠᠵᠢᠯ ᠮᠡᠷᠭᠡᠵᠢᠯ  ᠤᠨ ᠴᠢᠳᠠᠪᠤᠷᠢ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/6/2
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠰᠢᠯᠢ ᠶᠢᠨ ᠭᠤᠤᠯ ᠠᠶᠢᠮᠠᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠡᠮᠳᠡᠭᠴᠦᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠪᠠ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠤᠨ ᠠᠵᠢᠯ ᠢ ᠴᠢᠩᠭᠠᠳᠬᠠᠬᠤ ᠲᠤᠬᠠᠶ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ᠵᠡᠮᠳᠡᠭᠴᠦᠳ ᠲᠤ ᠨᠠᠩ ᠣᠯᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠡᠵᠡᠮᠰᠢᠭᠦᠯᠵᠦ᠂ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠶᠢ ᠪᠡᠶᠡᠯᠡᠭᠦᠯᠵᠦ᠂ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠵᠡᠮᠳᠡᠭᠴᠦᠳ ᠲᠤ ᠬᠦᠴᠦ ᠨᠡᠮᠡᠷᠢᠯᠡᠨ ᠴᠢᠨᠡᠭᠡᠯᠢᠭ  ᠨᠡᠶᠢᠭᠡᠮ ᠳᠤ ᠠᠯᠬᠤᠨ ᠤᠷᠤᠬᠤ ᠳᠤ ᠨᠦᠬᠦᠴᠡᠯ ᠬᠠᠩᠭᠠᠬᠤ ᠶᠢᠨ ᠳᠤᠰᠠᠳᠠ᠂ ᠰᠥᠨᠢᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ 2020 ᠤᠨ ᠤ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠬᠢ ᠶᠢ ᠡᠷᠬᠢᠯᠡᠬᠦ ᠪᠠᠷ ᠲᠣᠭᠲᠠᠪᠠ᠃ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄         ᠨᠢᠭᠡ᠂ ᠪᠣᠯᠪᠠᠰᠤᠷᠠᠭᠤᠯᠬᠤ ᠨᠢᠭᠤᠷᠯᠠᠯ᠄  ᠲᠤᠰ‌ᠬᠤᠰᠢᠭᠤᠨ ᠤ ᠬᠤᠶᠠᠳᠤᠭᠠᠷ ᠦᠶ᠎ᠡ ᠶᠢᠨ ᠵᠡᠮᠳᠡᠭᠴᠦᠳ ᠤᠨ  ᠦᠨᠡᠮᠯᠡᠯ ᠲᠠᠢ᠂ ᠠᠵᠢᠯ ᠣᠯᠬᠤ ᠬᠦᠰᠡᠯ ᠡᠷᠡᠮᠡᠯᠵᠡᠯ ᠲᠠᠢ ᠵᠡᠮᠳᠡᠭᠴᠦᠳ᠂ ᠨᠠᠰᠤᠨ ᠤ ᠬᠢᠵᠠᠭᠠᠷ 16 — 59 ᠪᠦᠬᠦᠯᠢ ᠨᠠᠰᠤ  ᠃         ᠬᠤᠶᠠᠷ᠂ ᠪᠤᠯᠪᠠᠰᠤᠷᠠᠯ  ᠤᠨ ᠲᠥᠷᠥᠯ ᠵᠦᠶ᠋ᠯ᠄ ᠺᠣᠮᠫᠢᠦ᠋ᠲ᠋ᠧᠷ ᠵᠢᠴᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠤᠯᠪᠠᠰᠤᠷᠠᠯ         ᠭᠤᠷᠪᠠ᠂ ᠪᠤᠯᠪᠠᠰᠤᠷᠠᠯ ᠳᠤ ᠤᠷᠤᠯᠴᠠᠬᠤ ᠬᠥᠮᠦᠨ ᠤ ᠲᠤᠭ᠎ᠠ᠄ ᠬᠢᠵᠠᠭᠠᠷᠯᠠᠬᠤ ᠦᠭᠡᠢ         ᠳᠥᠷᠪᠡ᠂ ᠪᠤᠯᠪᠠᠰᠤᠷᠠᠯ ᠤᠨ ᠬᠤᠭᠤᠴᠠᠭ᠎ᠠ᠄ 2 ᠡᠳᠦᠷ         ᠲᠠᠪᠤ᠂ ᠪᠤᠯᠪᠠᠰᠤᠷᠠᠯ ᠤᠨ ᠵᠠᠷᠤᠳᠠᠯ᠄  ᠪᠤᠯᠪᠠᠰᠤᠷᠠᠯ  ᠳᠤ ᠤᠷᠤᠯᠴᠠᠬᠤ ᠬᠥᠮᠦᠰ ᠤᠨ ᠨᠠᠰᠢ ᠴᠠᠰᠢ ᠶᠠᠪᠤᠬᠤ ᠵᠠᠮ ᠬᠠᠷᠢᠯᠴᠠᠭᠠᠨ ᠤ ᠰᠦᠢᠳᠭᠡᠯ᠂ ᠬᠤᠭᠤᠯᠠ ᠬᠤᠨᠤᠭ ᠤᠨ ᠵᠠᠷᠤᠳᠠᠯ ᠢ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠠᠷᠢᠭᠤᠴᠠᠨ᠎ᠠ᠃         ᠵᠢᠷᠭᠤᠭ᠎ᠠ᠂ ᠪᠣᠯᠪᠠᠰᠤᠷᠠᠭᠤᠯᠬᠤ ᠴᠠᠭ᠄ 6 ᠳ᠋ᠤᠭᠠᠷ ᠰᠠᠷ᠎ᠠ ᠳᠤ ᠬᠢᠬᠦ ᠪᠠᠷ ᠵᠢᠰᠢᠵᠦ᠂ ᠪᠣᠳᠠᠲᠠᠶ ᠴᠠᠭ ᠢ ᠠᠰ ᠲᠤᠨᠢ ᠮᠡᠳᠡᠭᠳᠡᠨ᠎ᠡ᠃         ᠳᠣᠯᠤᠭ᠎ᠠ᠂ ᠨᠡᠷ᠎ᠡ ᠮᠡᠳᠡᠭᠦᠯᠬᠦ ᠴᠠᠭ᠄ ᠥᠨᠥᠳᠦᠷ ᠠᠴᠠ ᠡᠬᠢᠯᠡᠨ 6 ᠰᠠᠷ᠎ᠠ ᠶᠢᠨ 10 ᠤ ᠡᠳᠦᠷ ᠪᠣᠯᠲᠠᠯ᠎ᠠ         ᠨᠠᠢᠮᠠ᠂ ᠨᠡᠷ᠎ᠡ ᠮᠡᠳᠡᠭᠦᠯᠬᠦ ᠭᠠᠵᠠᠷ᠄  ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ         ᠶᠢᠰᠦ᠂ ᠠᠩᠬᠠᠷᠬᠤ ᠵᠦᠶ᠋ᠯ᠄ 1᠂ ᠪᠤᠯᠪᠠᠰᠤᠷᠠᠯ ᠳᠤ ᠤᠷᠤᠯᠴᠠᠬᠤ ᠳᠠᠭᠠᠨ ᠵᠡᠮᠳᠡᠭ ᠤᠨ ᠦᠨᠡᠮᠯᠡᠯ ᠢᠶᠠᠨ ᠠᠪᠴᠦ ᠢᠷᠡᠬᠦ ᠬᠡᠷᠡᠭᠲᠡᠶ︔ 2᠂ ᠪᠤᠯᠪᠠᠰᠤᠷᠠᠯ ᠳᠤ ᠤᠷᠤᠯᠴᠠᠭᠰᠠᠳ ᠦᠪᠡᠷᠳᠡᠭᠡᠨ ᠺᠣᠮᠫᠢᠦ᠋ᠲ᠋ᠧᠷ ᠢᠶᠠᠨ ᠪᠡᠯᠡᠳᠭᠡᠨ᠎ᠡ᠃         0479 — 2521189  2522713  ᠭᠠᠷ ᠤᠲᠠᠰᠤ᠄ 139 4798 0481 ︵ᠪᠠᠶ ᠲᠢᠶᠧ ᠱᠠᠨ︶᠂  ᠭᠤᠤ ᠶᠠᠩ 159 4719 2624                              ᠰᠥᠨᠢᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ                                       2020 ᠣᠨ ᠤ 5 ᠰᠠᠷ᠎ᠠ ᠶᠢᠨ 30 ᠤ ᠡᠳᠦᠷ 
 
ᠢᠷᠡᠯᠲᠡ᠄ ᠰᠥᠨᠢᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号